ᠬᠤᠷᠢᠨᠭᠡᠷ ᠰᠢᠶᠠᠨ ᠤ ᠵᠠᠰᠠᠭ ᠤᠨ ᠣᠷᠳᠣᠨ ᠭᠤᠤᠯ ᠰᠡᠳᠦᠪᠲᠦ ᠬᠥᠮᠦᠵᠢᠯ ᠤᠨ ︽ᠰᠤᠷᠤᠯᠴᠠᠬᠤ ᠪᠠ ᠠᠵᠢᠯᠯᠠᠬᠤ ᠶᠢ ᠠᠭᠤᠰᠤᠯᠴᠠᠭᠤᠯᠬᠤ︾ ᠨᠢᠭᠡ ᠮᠥᠴᠡ ᠰᠤᠷᠤᠯᠴᠠᠵᠤ ᠬᠠᠮᠲᠤ ᠪᠠᠷ ᠬᠤᠪᠢᠶᠠᠯᠴᠠᠨ ᠡᠳ᠋ᠯᠡᠬᠦ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2023/11/15
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠥᠷᠨᠢᠬᠦ ᠶᠢ ᠠᠬᠢᠭᠤᠯᠬᠤ ᠶᠢᠨ ᠲᠤᠰᠠᠳᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ︽ᠰᠤᠷᠤᠯᠴᠠᠬᠤ ᠦᠵᠡᠯ ᠰᠠᠨᠠᠭ᠎ᠠ︾ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠰᠤᠷᠤᠯᠴᠠᠬᠤ ᠠᠵᠢᠯᠯᠠᠬᠤ ᠶᠢ ᠠᠭᠤᠰᠤᠯᠴᠠᠭᠤᠯᠬᠤ︾ ᠨᠢᠭᠡ ᠮᠥᠴᠡ ᠰᠤᠷᠤᠯᠴᠠᠵᠦ ᠬᠤᠪᠢᠶᠠᠯᠴᠠᠨ ᠡᠳ᠋ᠯᠡᠬᠦ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠵᠡᠢ᠃      ᠰᠤᠷᠤᠯᠴᠠᠵᠤ ᠬᠤᠪᠢᠶᠠᠯᠴᠠᠨ ᠡᠳ᠋ᠯᠡᠬᠦ ᠬᠤᠷᠠᠯ ᠨᠢ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠵᠠᠷᠴᠢᠮ ᠢ ᠪᠠᠷᠢᠮᠲᠠᠯᠠᠵᠤ᠂ ᠠᠯᠪᠠᠨ ᠬᠡᠷ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠠᠯᠪᠠᠨ ᠬᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠣᠯ ᠰᠤᠷᠤᠯᠴᠠᠬᠤ᠂ ᠲᠤᠬᠠᠶᠢᠯᠠᠭᠰᠠᠨ ᠠᠵᠢᠯ ᠢ ᠡᠷᠬᠢᠮᠯᠡᠬᠦ᠂ ᠥᠩᠭᠡᠷᠡᠯᠲᠡ ᠪᠠᠨ ᠶᠠᠷᠢᠯᠴᠠᠬᠤ᠂ ᠲᠥᠷᠥᠭᠳᠡᠯ ᠢᠶᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠤᠯ ᠰᠡᠳᠦᠪᠲᠦ ᠬᠥᠮᠦᠵᠢᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠠᠵᠢᠯᠯᠠᠭ᠎ᠠ ᠶᠢ ᠭᠠᠷᠠᠭ ᠲᠤ ᠬᠤᠶᠠᠷ ᠬᠤᠭᠤᠴᠠᠭ᠎ᠠ ᠥᠷᠨᠢᠭᠦᠯᠬᠦ ᠶᠢ ᠪᠠᠷᠢᠮᠲᠠᠯᠠᠵᠤ᠂ ᠪᠦᠬᠦ ᠠᠵᠢᠯᠲᠠᠳ ᠢᠶᠠᠷ ᠢᠶᠠᠨ ᠰᠤᠷᠤᠯᠴᠠᠬᠤ᠂ ᠪᠦᠬᠦ ᠠᠵᠢᠯᠲᠠᠳ ᠢᠶᠠᠷ ᠢᠶᠠᠨ ᠶᠠᠷᠢᠬᠤ᠂ ᠪᠦᠬᠦ ᠠᠵᠢᠯᠲᠠᠳ ᠢᠶᠠᠷ ᠢᠶᠠᠨ ᠬᠢᠬᠦ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠪᠦᠬᠦ ᠺᠠᠳ᠋ᠷ ᠤᠨ ᠡᠩᠨᠡᠭᠡᠨ ᠤ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ︽ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠬᠥᠭᠵᠢᠭᠡᠵᠦ᠂ ᠠᠵᠢᠯ ᠤᠨ ᠪᠠᠶᠢᠷᠢ ᠪᠣᠯᠤᠨ ᠪᠣᠳᠠᠲᠠᠢ ᠦᠢᠯᠡᠳᠦᠯᠭᠡ ᠳᠤᠮᠳᠠ ᠬᠡᠪ ᠴᠢᠨᠠᠷ ᠢᠶᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ︽ᠭᠤᠷᠪᠠ ᠳᠤ ᠦᠢᠯᠡᠴᠢᠯᠡᠬᠦ︾ ᠴᠢᠳᠠᠪᠤᠷᠢ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ︽ᠰᠤᠷᠤᠯᠴᠠᠬᠤ ᠪᠠ ᠠᠵᠢᠯᠯᠠᠬᠤ ᠶᠢ ᠠᠭᠤᠰᠤᠯᠴᠠᠭᠤᠯᠬᠤ︾ ᠨᠢᠭᠡ ᠮᠥᠴᠡ ᠰᠤᠷᠤᠯᠴᠠᠵᠤ ᠬᠤᠪᠢᠶᠠᠯᠴᠠᠨ ᠡᠳ᠋ᠯᠡᠬᠦ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠣᠯ ᠵᠠᠰᠠᠭ ᠤᠨ ᠣᠷᠳᠣᠨ ᠤ ᠠᠯᠪᠠᠨ ᠬᠡᠷ ᠤᠨ ᠭᠤᠤᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠬᠠᠯᠠᠭᠤᠨ ᠰᠡᠳᠬᠢᠯᠭᠡ ᠶᠢ ᠠᠵᠢᠯ ᠤᠨ ᠬᠥᠳᠡᠯᠭᠡᠬᠦ ᠬᠦᠴᠦᠨ ᠢ ᠰᠠᠶᠢᠵᠢᠷᠠᠭᠤᠯᠬᠤ ᠬᠦᠴᠦᠲᠡᠶ ᠭᠠᠷᠳᠠᠴᠠ ᠮᠥᠨ᠃ ᠨᠠᠮ ᠤᠨ ᠭᠡᠰᠢᠭᠦᠨ ᠺᠠᠳ᠋ᠷᠴᠤᠳ᠂ ᠬᠤᠶᠢᠰᠢᠳᠠ ᠶᠢᠨ ᠠᠵᠢᠯ ᠳᠤᠮᠳᠠ ᠪᠠᠨ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠲᠤᠰᠬᠠᠢ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠣᠶᠢᠯᠠᠭᠠᠭᠳᠠᠬᠤᠨ ᠪᠠ ᠠᠵᠢᠯ ᠤᠨ ᠰᠤᠷᠲᠠᠯ ᠢᠶᠠᠨ ᠴᠢᠷᠮᠠᠶᠢᠨ ᠬᠤᠪᠢᠷᠠᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠰᠤᠷᠤᠯᠴᠠᠨ ᠪᠠᠶᠢᠴᠠᠭᠠᠨ ᠰᠤᠳᠤᠯᠬᠤ᠂ ᠰᠣᠶᠣᠯ ᠢᠶᠠᠷ ᠵᠠᠰᠠᠭ ᠢ ᠲᠤᠰᠠᠯᠠᠬᠤ᠂ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠢᠯᠡᠴᠢᠯᠡᠨ᠎ᠡ ᠭᠡᠵᠦ ᠢᠯᠡᠳᠬᠡᠵᠡᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号