ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/15
     ᠡᠾᠧ ᠬᠠᠢ ᠳ᠋ᠦᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠯᠢᠶᠠᠩ ᠵᠢᠩ ᠱᠦ︶ 11 ᠳ᠋ᠤᠭᠡᠷ ᠰᠠᠷ᠎ᠠ ᠶᠢᠨ 14 ᠤ ᠡᠳᠦᠷ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠠᠶᠤᠯᠭᠦᠢ ᠦᠢᠯᠡᠳᠪᠦᠷᠢᠯᠡᠯ  ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠭᠤᠷᠪᠠᠳᠤᠭᠠᠷ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ ᠳᠤᠭᠤᠶᠢᠯᠠᠩ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠭᠤᠯᠵᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠵᠢᠴᠢ ᠮᠠᠨ ᠤ ᠬᠤᠳᠠ ᠶᠢᠨ ᠵᠢᠭᠰᠠᠭᠠᠨ ᠪᠠᠶᠢᠴᠠᠭᠠᠵᠤ ᠪᠠᠶᠢᠴᠠᠭᠠᠭᠠᠳ ᠢᠯᠡᠷᠡᠭᠦᠯᠦᠭᠰᠡᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠠᠰᠠᠭᠤᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ ᠾᠧ ᠬᠠᠢ ᠳ᠋ᠦᠩ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠢᠨᠠᠨ ᠰᠢᠯᠭᠠᠬᠤ ᠲᠣᠭᠤᠷᠢᠨ  ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ  ᠪᠠᠶᠢᠴᠠᠭᠠᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ︽ᠳᠠᠬᠢᠨ ᠳᠡᠭᠡᠭᠰᠢᠯᠡᠭᠦᠯᠵᠦ︾᠂ ᠠᠶᠤᠯᠭᠦᠢ ᠦᠢᠯᠡᠳᠪᠦᠷᠢᠯᠡᠯ ᠪᠣᠯ ᠤᠯᠤᠰ ᠳᠦᠷᠦ ᠶᠢᠨ ᠬᠠᠷᠢᠭᠤᠴᠠᠯᠭ᠎ᠠ ᠂ ᠬᠥᠭᠵᠢᠯᠲᠡ ᠶᠢᠨ ᠬᠠᠷᠢᠭᠤᠴᠠᠯᠭ᠎ᠠ᠂ ᠠᠷᠠᠳ ᠤᠨ ᠠᠮᠢᠳᠤᠷᠠᠯ ᠤᠨ ᠬᠠᠷᠢᠭᠤᠴᠠᠯᠭ᠎ᠠ ᠪᠣᠯᠬᠤ ᠶᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ︽ᠳᠠᠬᠢᠨ ᠭᠦᠨᠵᠡᠭᠡᠶᠢᠷᠡᠭᠦᠯᠵᠦ︾᠂ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠲᠣᠭᠲᠠᠭᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ᠭᠤᠣᠯᠳᠠᠯᠭ᠎ᠠ ᠲᠠᠢ ᠬᠦᠷᠢᠶᠡᠨ ᠳᠤ ︽ᠲᠠᠬᠢᠨ ᠠᠩᠬᠠᠷᠤᠯ ᠢᠶᠠᠨ ᠲᠥᠪᠯᠡᠷᠡᠭᠦᠯᠵᠦ︾᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠦᠷᠭᠦᠯᠵᠢᠯᠡᠨ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ︔ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ ︽ᠳᠠᠬᠢᠨ ᠪᠣᠳᠠᠲᠠᠶᠢᠵᠢᠭᠤᠯᠵᠤ︾᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠭᠠᠵᠠᠷ ᠣᠷᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠢ︔ ᠠᠵᠢᠯ ᠤᠨ ᠬᠠᠮᠵᠢᠯᠴᠠᠭ᠎ᠠ ᠶᠢᠨ ᠲᠠᠯ᠎ᠠ ᠪᠠᠷ ︽ᠳᠠᠬᠢᠨ ᠪᠣᠳᠠᠲᠠᠶᠢᠵᠢᠭᠤᠯᠵᠤ︾᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠦᠨ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ︽ᠰᠡᠷᠭᠡᠶᠢᠯᠡᠯᠲᠡ ᠶᠢᠨ ᠬᠡᠷᠡᠮ︾ ᠢ ᠦᠨᠡᠨᠬᠦ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠵᠢᠢ ᠹᠧᠢ᠂ ᠯᠢ ᠵᠢᠶᠦ᠋ᠨ᠂ ᠵᠢᠶᠣᠣ ᠬᠤᠩ᠂ ᠮᠠ ᠪᠢᠩ ᠴᠢᠤᠸᠠᠨ᠂ ᠹᠦ᠋ ᠶᠢᠨ ᠽᠠᠢ ᠵᠢᠴᠢ ᠬᠤᠯᠪᠤᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号