ᠬᠤᠷᠢᠨᠭᠡᠷ ᠰᠢᠶᠠᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰᠣ ᠨᠡᠮᠡᠬᠦ ᠮᠠᠰᠢᠨ ᠤ ᠬᠡᠮ ᠦᠢᠯᠡᠳᠬᠦ ᠶᠢ ᠢᠯᠭᠠᠷᠠᠭᠤᠯᠤᠨ ᠪᠠᠶᠢᠴᠠᠭᠠᠵᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2023/11/16
     ᠪᠦᠬᠦ ᠰᠢᠶᠠᠨ ᠤ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠶᠢᠨ ᠲᠤᠰᠠᠳᠠ᠂ ᠤᠢᠢᠷ᠎ᠠ ᠶᠢᠨ ᠡᠳᠦᠷ ᠤᠳ ᠲᠤ᠂ ᠬᠤᠷᠢᠨᠭᠡᠷ ᠰᠢᠶᠠᠨ ᠤ ᠬᠤᠳᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠬᠡᠪᠴᠢᠶᠡᠨ ᠳᠤ ᠲᠤᠰᠤ ᠨᠡᠮᠡᠬᠦ ᠮᠠᠰᠢᠨ ᠤ ᠬᠡᠮ ᠦᠢᠯᠡᠳᠬᠦ ᠠᠵᠢᠯᠯᠠᠭ᠎ᠠ ᠶᠢ ᠴᠡᠪᠡᠷᠯᠡᠨ ᠪᠠᠶᠢᠴᠠᠭᠠᠵᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠡᠢ᠃      ᠰᠢᠶᠠᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠭᠡᠨᠡᠳᠲᠡ ᠶᠢᠨ ᠪᠠᠶᠢᠴᠠᠭᠠᠯᠲᠠ ᠬᠢᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠤᠣᠰ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠤᠳᠠᠭ᠎ᠠ ᠪᠠ ᠡᠷᠴᠢᠮ ᠢᠶᠠᠨ ᠴᠢᠩᠭᠠᠷᠠᠭᠤᠯᠵᠤ᠂ ᠲᠣᠰᠣ ᠨᠡᠮᠡᠬᠦ ᠥᠷᠲᠡᠭᠡ ᠶᠢᠨ ᠡᠵᠡᠩᠨᠡᠯᠲᠡ ᠶᠢᠨ ᠬᠢᠷᠢ ᠴᠢᠳᠠᠮᠵᠢ᠂ ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠲᠠᠩᠰᠠ ᠶᠢ ᠨᠠᠶᠢᠳᠠᠪᠤᠷᠢᠵᠢᠭᠤᠯᠤᠭᠰᠠᠨ ᠵᠡᠷᠭᠡ ᠲᠦᠷᠢᠮ ᠤᠨ ᠪᠠᠶᠢᠳᠠᠯ ᠵᠢᠴᠢ ᠲᠣᠰᠣ ᠨᠡᠮᠡᠬᠦ ᠮᠠᠰᠢᠨ ᠤ ᠬᠤᠷᠭᠤᠯᠵᠢᠨ ᠪᠢᠲᠡᠭᠦᠮᠵᠢ ᠡᠪᠳᠡᠭᠳᠡᠭᠰᠡᠨ ᠡᠰᠡᠬᠦ᠂ ᠠᠯᠪᠠᠳᠠᠯᠭ᠎ᠠ ᠪᠠᠷ ᠰᠢᠯᠭᠠᠨ ᠲᠣᠭᠲᠠᠭᠠᠭᠰᠠᠨ ᠪᠥᠭᠡᠳ ᠬᠦᠴᠦᠨ ᠲᠠᠢ ᠬᠤᠭᠤᠴᠠᠭᠠᠨ ᠳᠤ᠂ ᠬᠡᠮᠵᠢᠯᠲᠡ ᠶᠢᠨ ᠡᠵᠡᠮᠳᠡᠬᠦ ᠭᠤᠤᠯ ᠬᠠᠪᠲᠠᠰᠤ ᠪᠠ ᠬᠡᠮᠵᠢᠯᠲᠡ ᠶᠢᠨ ᠴᠠᠬᠢᠮ ᠢ ᠬᠤᠯᠠᠭᠠᠶᠢᠯᠠᠨ ᠰᠣᠯᠢᠭᠰᠠᠨ ᠡᠰᠡᠬᠦ ᠵᠡᠷᠭᠡ ᠬᠡᠮᠵᠢᠯᠲᠡ ᠶᠢᠨ ᠬᠡᠮ ᠦᠢᠯᠡᠳᠬᠦ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠤᠰᠬᠠᠶ ᠮᠡᠷᠭᠡᠵᠢᠯ ᠤᠨ ᠪᠠᠶᠢᠴᠠᠭᠠᠯᠲᠠ ᠪᠠᠷ ᠳᠡᠮᠵᠢᠨ᠂ ᠲᠣᠰᠣ ᠨᠡᠮᠡᠬᠦ ᠮᠠᠰᠢᠨ ᠤ ᠬᠡᠮ ᠦᠢᠯᠡᠳᠬᠦ ᠦᠢᠯᠡ ᠠᠵᠢᠯᠯᠠᠭ᠎ᠠ ᠶᠢ ᠲᠦᠷ ᠣᠯᠵᠤ ᠮᠡᠳᠡᠭᠰᠡᠨ ᠥᠬᠡᠶ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠲᠣᠰᠣ ᠨᠡᠮᠡᠬᠦ ᠥᠷᠲᠡᠭᠡ ᠶᠢᠨ ᠡᠵᠡᠩᠨᠡᠯᠲᠡ ᠶᠢᠨ ᠠᠵᠢᠯᠯᠠᠭ᠎ᠠ ᠳᠤ ᠪᠠᠶᠢᠩᠭᠤᠵᠢᠭᠤᠯᠤᠨ ᠬᠢᠨᠠᠯᠲᠠ ᠲᠠᠯᠪᠢᠵᠤ᠂ ᠲᠣᠰᠣ ᠨᠡᠮᠡᠬᠦ ᠮᠠᠰᠢᠨ ᠤ ᠬᠡᠮ ᠦᠢᠯᠡᠳᠬᠦ ᠬᠥᠷᠥᠰᠥ ᠰᠢᠷᠣᠶ ᠶᠢ ᠠᠷᠢᠯᠭᠠᠵᠤ᠂ ᠪᠣᠯᠪᠠᠰᠤᠷᠠᠭᠤᠯᠤᠭᠰᠠᠨ ᠲᠣᠰᠣᠨ ᠤ ᠬᠡᠷᠡᠭᠯᠡᠭᠡᠨ ᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠣᠷᠴᠢᠨ ᠲᠣᠭᠤᠷᠢᠨ ᠢ ᠪᠣᠶ ᠪᠣᠯᠭᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号