ᠬᠤᠷᠢᠨᠭᠡᠷ ᠰᠢᠶᠠᠨ ᠤ ᠰᠢᠨ᠎ᠡ ᠳᠡᠯᠭᠡᠭᠦᠷ ᠪᠠᠯᠭᠠᠰᠤᠨ ᠤ ᠰᠢᠨ᠎ᠡ ᠤᠳᠤᠷᠢᠳᠬᠤ ᠪᠠᠭ ᠤᠨ ᠪᠦᠷᠢᠯᠳᠦᠬᠦᠨ ᠡᠯ᠎ᠡ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/16
     ᠣᠶᠢᠷ᠎ᠠ ᠶᠢᠨ ᠡᠳᠦᠷ ᠤᠳ ᠲᠤ᠂ ᠰᠢᠨ᠎ᠡ ᠳᠡᠯᠭᠡᠭᠦᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠬᠦ ᠰᠢᠨ᠎ᠡ ᠤᠳᠤᠷᠢᠳᠬᠤ ᠪᠠᠭ ᠤᠨ ᠪᠦᠷᠢᠯᠳᠦᠬᠦᠨ ᠢᠶᠠᠨ ᠳᠠᠭᠠᠭᠤᠯᠤᠨ 16 ᠵᠠᠰᠠᠭ ᠵᠠᠬᠢᠷᠭᠠᠨ ᠤ ᠲᠣᠰᠬᠤᠨ ᠳᠤ ᠬᠦᠷᠴᠦ ᠰᠤᠷᠪᠤᠯᠵᠢᠯᠠᠪᠠ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠤᠭ ᠤᠨ ᠲᠦᠷᠭᠡᠨ ᠬᠤᠷᠳᠤᠴᠠ ᠪᠠᠷ ︽ᠺᠠᠳ᠋ᠷ ᠤᠨ ᠡᠩᠨᠡᠭᠡ︾ ᠶᠢ ᠣᠶᠢᠯᠠᠭᠠᠵᠤ᠂ ︽ᠠᠵᠤ ᠦᠢᠯᠡᠰ ᠤᠨ ᠰᠠᠭᠤᠷᠢ ᠲᠤᠭ᠎ᠠ︾ ᠶᠢ ᠲᠣᠳᠣᠷᠬᠠᠶ ᠣᠶᠢᠯᠠᠭᠠᠵᠤ᠂ ︽ᠲᠣᠰᠬᠤᠨ ᠤ ᠪᠠᠶᠢᠳᠠᠯ ᠠᠷᠠᠳ ᠤᠨ ᠰᠠᠨᠠᠭ᠎ᠠ︾ ᠶᠢ ᠣᠶᠢᠯᠠᠭᠠᠵᠤ᠂ ︽ᠬᠥᠭᠵᠢᠯᠲᠡ ᠶᠢᠨ ᠰᠡᠳᠬᠢᠴᠡ︾ ᠶᠢ ᠰᠢᠯᠤᠭᠤᠳᠬᠠᠨ᠂ ᠰᠢᠨ᠎ᠡ ᠠᠵᠢᠯ ᠤᠨ ᠪᠠᠶᠢᠷᠢ ᠳᠤ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠪᠠᠲᠤᠯᠠᠪᠠ᠃      ᠬᠦᠷᠦᠭᠰᠡᠨ ᠭᠠᠵᠠᠷ ᠪᠣᠯᠭᠠᠨ ᠳᠤ᠂ ᠰᠢᠨ᠎ᠡ ᠤᠳᠤᠷᠢᠳᠬᠤ ᠪᠠᠭ ᠤᠨ ᠪᠦᠷᠢᠯᠳᠦᠬᠦᠨ ᠡᠯ᠎ᠡ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠪᠠᠶᠢᠳᠠᠯ᠂ ᠭᠤᠣᠯ ᠰᠡᠳᠦᠪᠲᠦ ᠬᠥᠮᠦᠵᠢᠯ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠠᠭ᠂ ᠲᠣᠰᠬᠤᠨ ᠳᠤ ᠰᠠᠭᠤᠭ᠎ᠠ ᠺᠠᠳ᠋ᠷᠴᠤᠳ ᠢ ᠴᠤᠭᠯᠠᠭᠤᠯᠤᠨ ᠶᠠᠷᠢᠯᠴᠠᠬᠤ ᠬᠤᠷᠠᠯ ᠬᠢᠪᠡ᠃ ︽ᠪᠠᠶᠢᠴᠠᠭᠠᠬᠤ᠂ ᠦᠵᠡᠬᠦ᠂ ᠰᠣᠨᠣᠰᠬᠤ᠂ ᠠᠰᠠᠭᠤᠬᠤ︾ ᠠᠷᠭ᠎ᠠ ᠬᠡᠯᠪᠡᠷᠢ ᠪᠠᠷ ᠲᠣᠰᠬᠤᠨ ᠤ ᠪᠠᠶᠢᠳᠠᠯ᠂ ᠭᠤᠣᠯ ᠰᠡᠳᠦᠪᠲᠦ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠡᠯ᠎ᠡ ᠲᠣᠰᠬᠤᠨ ᠤ ᠡᠳᠦᠷ ᠳᠤᠳᠤᠮ ᠤᠨ ᠠᠵᠢᠯ ᠳᠤᠮᠳᠠ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠪᠣᠯᠤᠨ ᠢᠷᠡᠭᠡᠳᠦᠢ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠶᠢᠰᠢᠳᠠ ᠶᠢᠨ ᠬᠥᠭᠵᠢᠯᠲᠡ ᠶᠢᠨ ᠰᠡᠳᠬᠢᠴᠡ ᠶᠢ ᠬᠠᠮᠲᠤᠪᠠᠷ ᠰᠦᠪᠡᠭᠴᠢᠯᠡᠵᠦ᠂ ᠳᠠᠷᠠᠭᠠᠴᠢ ᠶᠢᠨ ᠠᠵᠢᠯ ᠳᠤ ᠬᠠᠷᠠᠯᠲᠠ ᠪᠠᠨ ᠲᠤᠳᠤᠷᠬᠠᠶᠢᠯᠠᠪᠠ᠃      ᠰᠤᠷᠪᠤᠯᠵᠢᠯᠠᠬᠤ ᠶᠠᠪᠤᠴᠠ ᠳᠤ᠂ ᠪᠠᠯᠭᠠᠰᠤᠨ ᠤ ᠭᠤᠣᠯ ᠤᠳᠤᠷᠢᠳᠤᠯᠭ᠎ᠠ ᠡᠯ᠎ᠡ ᠲᠣᠰᠬᠤᠨ ᠤ ᠠᠵᠢᠯ ᠤᠨ ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ᠂ ᠡᠯ᠎ᠡ ᠲᠣᠰᠬᠤᠨ ᠢ ᠭᠤᠣᠯ ᠰᠡᠳᠦᠪᠲᠦ ᠬᠥᠮᠦᠵᠢᠯ ᠤᠨ ︽ᠲᠤᠷᠤᠨ᠎ᠠ ᠶᠢᠨ ᠰᠠᠯᠬᠢ︾ ᠶᠢ ᠠᠮᠵᠢᠵᠤ᠂ ᠨᠠᠮ ᠤᠨ ᠡᠭᠦᠷ ᠲᠦᠷᠦᠭᠦᠯᠡᠨ ᠰᠤᠷᠤᠯᠴᠠᠬᠤ ᠠᠭᠤᠷ ᠠᠮᠢᠰᠬᠤᠯ ᠢ ᠰᠠᠶᠢᠲᠤᠷ ᠪᠤᠢ ᠪᠣᠯᠭᠠᠵᠤ᠂ ᠦᠨᠡᠨᠬᠦ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠬᠦ ᠶᠢ ᠱᠠᠭᠠᠷᠳᠠᠵᠠᠢ᠃ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠭᠵᠢᠯᠲᠡ ᠶᠢ ᠰᠠᠶᠢᠲᠤᠷ ᠠᠳᠬᠤᠵᠤ᠂ ᠢᠳᠡᠪᠬᠢᠲᠡᠢ ᠪᠠᠷ ᠰᠡᠳᠬᠢᠴᠡ ᠪᠠᠨ ᠥᠷᠭᠡᠳᠬᠡᠵᠦ᠂ ᠵᠣᠷᠢᠭᠲᠠᠢ ᠰᠡᠳᠬᠢᠵᠦ ᠵᠣᠷᠢᠭᠲᠠᠢ ᠲᠡᠮᠡᠴᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠯᠬᠦᠮᠳᠡᠨ ᠬᠠᠮᠵᠢᠯᠴᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠭᠤᠣᠯ ᠰᠡᠳᠦᠪᠲᠦ ᠬᠥᠮᠦᠵᠢᠯ ᠪᠣᠯᠤᠨ ᠡᠯ᠎ᠡ ᠵᠦᠢᠯ ᠤᠨ ᠭᠤᠣᠯ ᠠᠵᠢᠯ ᠳᠡᠭᠡᠷ᠎ᠡ ᠬᠦᠴᠦ ᠲᠠᠯᠪᠢᠵᠤ᠂ ᠡᠭᠦᠷᠭᠡ ᠶᠢ ᠨᠠᠷᠢᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃     ᠰᠢᠨ᠎ᠡ ᠲᠤᠰᠢᠶᠠᠯ ᠳᠤ ᠭᠠᠷᠤᠮᠠᠭᠴᠠ ᠭᠦᠶᠦᠵᠦ᠂ ᠲᠤᠰᠢᠶᠠᠯ ᠳᠤ ᠭᠠᠷᠤᠮᠠᠭᠴᠠ ᠪᠠᠨ ᠪᠣᠳᠠᠲᠠᠶ ᠠᠵᠢᠯᠯᠠᠨ᠎ᠠ᠃ ᠰᠢᠨ᠎ᠡ ᠳᠡᠯᠭᠡᠭᠦᠷ ᠪᠠᠯᠭᠠᠰᠤᠨ ᠤ ᠰᠢᠨ᠎ᠡ ᠤᠳᠤᠷᠢᠳᠬᠤ ᠪᠠᠭ ︽ᠨᠢᠭᠡ ᠮᠥᠴᠡ ᠴᠦ ᠵᠣᠭᠰᠣᠯ ᠥᠬᠡᠶ︾ ᠠᠵᠢᠯᠯᠠᠵᠤ ᠦᠢᠯᠡᠰ ᠴᠣᠭᠴᠠᠯᠠᠬᠤ ᠳᠤ ᠣᠷᠣᠯᠴᠠᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号