ᠪᠥᠬᠦ ᠨᠡᠶᠢᠭᠡᠮ ᠠᠴᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠢᠯᠡ ᠪᠠᠷ ᠴᠤᠭᠯᠠᠭᠤᠯᠬᠤ ᠲᠤᠬᠠᠶ ᠱᠧᠩ ᠯᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/11/2
     ᠱᠧᠩ ᠯᠧ ᠪᠠᠯᠭᠠᠰᠤ ᠪᠣᠯ ᠬᠤᠷᠢᠨᠭᠡᠷ ᠰᠢᠶᠠᠨ ᠤ ᠬᠤᠶᠢᠲᠤ ᠬᠡᠰᠡᠭ ᠲᠤ ᠪᠠᠶᠢᠷᠢᠯᠠᠵᠤ᠂ ᠪᠥᠬᠦ ᠪᠠᠯᠭᠠᠰᠤᠨ ᠤ ᠲᠠᠷᠢᠶᠠᠨ ᠭᠠᠵᠠᠷ ᠤᠨ ᠲᠠᠯᠠᠪᠠᠶ ᠨᠢ 200394.7 ᠮᠥ ᠪᠠᠶᠢᠵᠤ᠂ ᠬᠠᠷᠢᠶᠠᠲᠤ ᠣᠷᠣᠨ ᠤ 29 ᠵᠠᠰᠠᠭ ᠵᠠᠬᠢᠷᠭᠠᠨ ᠤ ᠲᠣᠰᠬᠤᠨ᠂ 65 ᠠᠶᠢᠯ ᠲᠣᠰᠬᠤᠨ ᠪᠠᠶᠢᠵᠤ᠂ ᠡᠷᠦᠬᠡ ᠠᠮᠠ ᠲᠠᠢ ᠡᠷᠦᠬᠡ ᠶᠢᠨ ᠲᠤᠭ᠎ᠠ 15258᠂ 36953 ᠬᠥᠮᠦᠨ ᠠᠮᠠ ᠲᠠᠢ᠃ ᠡᠷᠳᠡᠨᠢ ᠰᠢᠰᠢ ᠳᠠᠷᠢᠬᠤ ᠲᠠᠯᠠᠪᠠᠶ 16.7 ᠲᠦᠮᠡᠨ ᠮᠥ ᠳᠤ ᠬᠦᠷᠴᠦ᠂ ᠡᠰᠢ ᠰᠦᠷᠡᠯ ᠤᠨ ᠡᠬᠢ ᠪᠠᠶᠠᠯᠢᠭ ᠡᠯᠪᠡᠭ ᠳᠡᠯᠪᠡᠭ ᠪᠣᠯᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡ᠊ ᠲᠤᠭᠤᠰᠢᠯᠠᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠡᠭᠡᠭᠦᠯᠦᠨ ᠬᠤᠷᠢᠶᠠᠬᠤ ᠠᠷᠭ᠎ᠠ ᠵᠠᠮ ᠢ ᠰᠢᠯᠤᠭᠤᠳᠬᠠᠵᠤ᠂ ᠬᠥᠳᠡᠭᠡ ᠲᠣᠰᠬᠤᠨ ᠤ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠶᠢ ᠲᠠᠰᠤᠷᠠᠯᠳᠡ ᠦᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ ᠶᠢ ᠡᠭᠦᠳᠦᠨ ᠪᠠᠶᠢᠭᠤᠯᠬᠤ ᠵᠡᠷᠭᠡ ᠠᠵᠢᠯ ᠳᠤ ᠬᠦᠴᠦ ᠨᠡᠮᠡᠷᠢᠯᠡᠬᠦ ᠶᠢᠨ ᠲᠤᠰᠠᠳᠠ᠂ ᠱᠧᠩ ᠯᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠥᠬᠦ ᠨᠡᠶᠢᠭᠡᠮ ᠠᠴᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠢᠯᠡ ᠪᠠᠷ ᠴᠤᠭᠯᠠᠭᠤᠯᠤᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ      ᠨᠢᠭᠡ᠂ ᠡᠯᠰᠡᠬᠦ ᠬᠡᠪᠴᠢᠶ᠎ᠡ      ᠨᠡᠶᠢᠭᠡᠮ ᠳᠠᠶᠠᠭᠠᠷ ᠲᠤ ᠬᠠᠨᠳᠤᠭᠤᠯᠤᠨ ᠢᠯᠡ ᠪᠠᠷ ᠡᠯᠰᠡᠨ᠎ᠡ᠃      ᠬᠤᠶᠠᠷ᠂ ᠡᠯᠰᠡᠬᠦ ᠱᠠᠭᠠᠷᠳᠠᠯᠭ᠎ᠠ      ᠡᠯᠰᠡᠨ ᠴᠤᠭᠯᠠᠭᠤᠯᠬᠤ ᠲᠥᠷᠥᠯ ᠵᠦᠢᠯ ᠳᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠦᠢᠯᠡᠳᠦᠯ ᠢ ᠳᠣᠪᠤᠶᠢᠯᠭᠠᠬᠤ ᠬᠡᠷᠡᠭᠲᠡᠶ᠃ ᠡᠭᠦᠨ ᠳᠤ ᠲᠥᠷᠥᠯ ᠵᠦᠢᠯ ᠤᠨ ᠨᠡᠷᠡᠶᠢᠳᠦᠯ᠂ ᠪᠥᠲᠥᠭᠡᠨ ᠪᠠᠶᠢᠭᠤᠯᠤᠯᠲᠠ ᠶᠢᠨ ᠠᠴᠢ ᠬᠤᠯᠪᠣᠭᠳᠠᠯ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ᠂ ᠪᠠᠯᠠ ᠣᠷᠣᠭᠤᠯᠤᠯᠲᠠ ᠶᠢ ᠪᠠᠷᠤᠭᠯᠠᠨ ᠪᠤᠳᠤᠬᠤ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠭᠠᠵᠠᠷ ᠵᠡᠷᠭᠡ ᠶᠢ ᠪᠠᠭᠲᠠᠭᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠷᠢᠯᠳᠦᠭᠦᠯᠦᠨ᠎ᠡ᠃ ᠡᠭᠦᠨ ᠢ ᠳᠣᠣᠷᠠᠬᠢ ᠬᠡᠳᠦᠨ ᠲᠠᠯ᠎ᠠ ᠠᠴᠠ ᠪᠣᠳᠣᠯᠬᠢᠯᠠᠵᠤ ᠪᠣᠯᠤᠨ᠎ᠠ᠂ ᠨᠢᠭᠡ ᠳᠤ᠂ ᠡᠰᠢ ᠰᠦᠷᠡᠯ ᠤᠨ ᠲᠡᠵᠢᠭᠡᠯ ᠪᠣᠷᠳᠤᠭ᠎ᠠ ᠶᠢ ᠹᠢᠽᠢᠺ ᠤᠨ ᠠᠷᠭ᠎ᠠ᠂ ᠬᠢᠮᠢ ᠶᠢᠨ ᠠᠷᠭ᠎ᠠ ᠪᠠ ᠮᠢᠺᠷᠣᠪ ᠢᠶᠠᠷ ᠢᠰᠬᠡᠬᠦ ᠠᠷᠭ᠎ᠠ ᠪᠠᠷ ᠳᠠᠮᠵᠢᠨ ᠡᠰᠢ ᠰᠦᠷᠡᠯ ᠤᠨ ᠢᠳᠡᠰᠢᠨ ᠳᠤ ᠵᠣᠬᠢᠴᠠᠬᠤ ᠴᠢᠨᠠᠷ ᠪᠠ ᠰᠢᠮ᠎ᠡ ᠲᠡᠵᠢᠭᠡᠯ ᠤᠨ ᠦᠨ᠎ᠡ ᠥᠷᠲᠡᠭ ᠢ ᠶᠡᠭᠡ ᠪᠠᠷ ᠰᠠᠶᠢᠵᠢᠷᠠᠭᠤᠯᠵᠤ᠂ ᠠᠮᠢᠲᠠᠨ ᠤ ᠲᠡᠵᠢᠭᠡᠯ ᠪᠣᠷᠳᠤᠭ᠎ᠠ ᠳᠤ ᠬᠡᠷᠡᠭᠯᠡᠨ᠎ᠡ᠃ ᠬᠤᠶᠠᠷ ᠲᠤ᠂ ᠡᠰᠢ ᠰᠦᠷᠡᠯ ᠤᠨ ᠡᠨᠧᠷᠭᠢ ᠶᠢᠨ ᠰᠤᠷᠪᠤᠯᠵᠢ ᠶᠢ ᠡᠰᠢ ᠰᠦᠷᠡᠯ ᠢ ᠨᠡᠭᠦᠷᠡᠰᠦᠵᠢᠭᠦᠯᠬᠦ ᠪᠤᠶᠤ ᠬᠡᠶᠢᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠶᠠᠭᠳᠠᠮᠠᠯ ᠢ ᠡᠷᠳᠡᠨᠢ ᠪᠣᠯᠭᠠᠨ ᠬᠤᠪᠢᠷᠠᠭᠤᠯᠵᠤ᠂ ᠡᠰᠢ ᠰᠦᠷᠡᠯ ᠤᠨ ᠡᠨᠧᠷᠭᠢ ᠶᠢᠨ ᠰᠤᠷᠪᠤᠯᠵᠢ ᠶᠢ ᠪᠣᠶ ᠪᠣᠯᠭᠠᠨ᠎ᠠ᠃ ᠭᠤᠷᠪᠠ ᠳᠤ᠂ ᠡᠰᠢ ᠰᠦᠷᠡᠯ ᠤᠨ ᠰᠠᠭᠤᠷᠢ ᠡᠳ᠋᠂ ᠡᠰᠢ ᠰᠦᠷᠡᠯ ᠢᠶᠠᠷ ᠦᠢᠯᠡᠳᠪᠦᠷᠢᠯᠡᠯ ᠤᠨ ᠰᠠᠭᠤᠷᠢ ᠡᠳ᠋ ᠪᠣᠯᠭᠠᠵᠤ᠂ ᠢᠳᠡᠭᠡᠨ ᠤ ᠮᠥᠭᠦ ᠶᠢ ᠦᠢᠯᠡᠳᠪᠦᠷᠢᠯᠡᠬᠦ ᠲᠦᠭᠦᠬᠡᠶ ᠮᠠᠲ᠋ᠧᠷᠢᠶᠠᠯ ᠤᠨ ᠢᠷᠡᠯᠲᠡ ᠶᠢ ᠶᠡᠭᠡ ᠪᠠᠷ ᠨᠡᠮᠡᠭᠳᠡᠭᠦᠯᠦᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠬᠠᠪᠲᠠᠭᠠᠶ ᠮᠥᠭᠦ᠂ ᠦᠨᠦᠷᠲᠦ ᠮᠥᠭᠦ᠂ ᠠᠯᠲᠠᠨ ᠰᠢᠯᠮᠦᠤᠰᠦᠲᠦ ᠮᠥᠭᠦ᠂ ᠲᠠᠬᠢᠶᠠᠨ ᠭᠤᠶ᠎ᠠ ᠶᠢᠨ ᠮᠥᠭᠦ ᠵᠡᠷᠭᠡ ᠶᠢ ᠦᠢᠯᠡᠳᠪᠦᠷᠢᠯᠡᠬᠦ ᠳᠤ ᠬᠡᠷᠡᠭᠯᠡᠵᠦ ᠪᠣᠯᠤᠨ᠎ᠠ᠃ ᠡᠰᠡᠬᠦᠯ᠎ᠡ ᠪᠤᠰᠤᠳ ᠬᠡᠷᠡᠭᠵᠢᠭᠦᠯᠵᠦ ᠪᠣᠯᠬᠤ ᠵᠦᠢᠯᠡᠰ᠃      ᠭᠤᠷᠪᠠ᠂ ᠡᠯᠰᠡᠬᠦ ᠴᠠᠭ      ᠲᠣᠰ ᠡᠳᠦᠷ ᠠᠴᠠ ᠡᠬᠢᠯᠡᠨ 2024 ᠣᠨ ᠤ 5 ᠰᠠᠷ᠎ᠠ ᠶᠢᠨ 1 ᠤ ᠡᠳᠦᠷ ᠪᠣᠯᠲᠠᠯ᠎ᠠ      ᠳᠥᠷᠪᠡ᠂ ᠡᠯᠰᠡᠬᠦ ᠠᠷᠭ᠎ᠠ ᠮᠠᠶ᠋ᠢᠭ      ︵ᠨᠢᠭᠡ︶ ᠢᠮᠧᠯ ᠢᠶᠠᠷ ᠶᠠᠪᠤᠭᠤᠯᠬᠤ        ᠰᠠᠨᠠᠭ᠎ᠠ ᠲᠠᠢ ᠠᠵᠤ ᠠᠬᠤᠶᠢᠯᠠᠯ ᠪᠤᠶᠤ ᠬᠤᠪᠢ ᠬᠥᠮᠦᠨ᠂ 464987265@qq.com ᠳᠤ ᠴᠢᠮᠡᠭᠡ ᠶᠠᠪᠤᠭᠤᠯᠤᠭᠠᠷᠠᠢ᠃      ︵ᠬᠤᠶᠠᠷ︶ ᠤᠲᠠᠰᠤ ᠪᠠᠷ ᠬᠠᠷᠢᠯᠴᠠᠬᠤ      ᠠᠯᠪᠠᠨ ᠠᠵᠢᠯ ᠤᠨ ᠬᠠᠷᠢᠯᠴᠠᠬᠤ ᠤᠲᠠᠰᠤ᠄ 0471-7262099      ︵ᠭᠤᠷᠪᠠ︶ ᠲᠤᠬᠠᠶ ᠶᠢᠨ ᠭᠠᠵᠠᠷ ᠲᠤᠨᠢ ᠵᠥᠪᠳᠡᠯᠴᠡᠬᠦ      ᠬᠠᠶ᠋ᠢᠭ᠄ ᠬᠤᠷᠢᠨᠭᠡᠷ ᠰᠢᠶᠠᠨ ᠤ ᠱᠧᠩ ᠯᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠬᠥᠬᠡᠬᠤᠲᠠ ᠶᠢᠨ ᠬᠤᠷᠢᠨᠭᠡᠷ ᠰᠢᠶᠠᠨ ᠤ ᠱᠧᠩ ᠯᠧ ᠪᠠᠯᠭᠠᠰᠤᠨ ᠤ ᠬᠥᠩ ᠯᠠᠮᠠ ᠲᠣᠰᠬᠤᠨ ᠤ ᠬᠤᠶᠢᠲᠤ︶      ᠲᠠᠪᠤ᠂ ᠪᠤᠰᠤᠳ ᠵᠦᠢᠯ ᠤᠳ      ᠡᠰᠢ ᠰᠦᠷᠡᠯ ᠢ ᠪᠣᠭᠤᠵᠢᠯᠠᠬᠤ᠂ ᠲᠠᠷᠢᠶᠠᠨ ᠠᠴᠠ ᠰᠠᠯᠬᠤ ᠵᠡᠷᠭᠡ ᠨᠡᠯᠢᠶᠡᠳ ᠰᠠᠶᠢᠨ ᠪᠡᠶᠡᠯᠡᠭᠦᠯᠦᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠢ ᠪᠠᠯᠭᠠᠰᠤᠨ ᠤ ᠵᠠᠰᠠᠭ ᠤᠨ ᠣᠷᠳᠣᠨ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠬᠡᠯᠪᠡᠷᠢ ᠪᠠᠷ ᠵᠣᠬᠢᠰᠲᠠᠶ ᠱᠠᠩᠨᠠᠨ᠎ᠠ᠃ ᠱᠧᠩ ᠯᠧ ᠪᠠᠯᠭᠠᠰᠤ ᠶᠢᠨ ᠬᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠤᠷᠢᠵᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠤᠨ ᠬᠥᠭᠵᠢᠭᠦᠯᠬᠦ ᠳᠤ ᠦᠨᠡᠨ ᠰᠡᠳᠬᠢᠯ ᠠᠴᠠ ᠪᠠᠨ ᠦᠢᠯᠡᠴᠢᠯᠡᠵᠦ᠂ ᠲᠦᠷᠦᠯ ᠵᠦᠢᠯ ᠤᠨ ᠭᠠᠵᠠᠷ ᠰᠣᠩᠭᠤᠬᠤ᠂ ᠭᠠᠵᠠᠷ ᠲᠠᠲᠠᠪᠤᠷᠢᠯᠠᠬᠤ᠂ ᠦᠢᠯᠡᠳᠪᠦᠷᠢ ᠪᠠᠶᠢᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠬᠠᠮᠵᠢᠯᠴᠠᠵᠤ᠂ ᠬᠠᠮᠲᠤᠪᠠᠷ ᠴᠢᠷᠮᠠᠶᠢᠵᠤ᠂ ᠭᠠᠷ ᠬᠤᠯᠪᠣᠨ ᠬᠥᠭᠵᠢᠭᠦᠯᠦᠨ᠎ᠡ᠃      ᠣᠨᠴᠠᠭᠠᠶᠢᠯᠠᠨ ᠵᠠᠷᠯᠠᠪᠠ                ᠱᠧᠩ ᠯᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ                2023 ᠣᠨ ᠤ 11 ᠰᠠᠷ᠎ᠠ ᠶᠢᠨ 1 ᠤ ᠡᠳᠦᠷᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠣ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号