ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠪᠦᠬᠦ ᠰᠢᠶᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/2
     10 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠥᠷᠪᠡᠳᠦᠭᠡᠷ ᠬᠤᠷᠠᠯ ᠵᠢᠴᠢ ᠪᠥᠬᠦ ᠰᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃      ᠬᠤᠷᠠᠯ ᠠᠴᠠ ᠭᠤᠣᠯ ᠰᠡᠳᠦᠪᠲᠦ ᠬᠥᠮᠦᠵᠢᠯ ᠤᠨ ᠲᠥᠪ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠨᠡᠷ ᠤᠨ ᠬᠥᠬᠡᠬᠤᠲᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠱᠠᠭᠠᠷᠳᠠᠯᠭ᠎ᠠ ᠶᠢ ᠤᠯᠠᠮᠵᠢᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠤ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠦᠨᠡᠯᠡᠯᠲᠡ ᠶᠢᠨ ᠶᠠᠷᠢᠶᠠᠨ ᠤ  ᠵᠣᠷᠢᠭ ᠰᠠᠨᠠᠭ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠲᠣᠭᠤᠷᠢᠨ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠬᠤᠸᠠ ᠶᠢᠨ ᠵᠢᠯᠣᠭᠤᠳᠬᠤ ᠱᠠᠭᠠᠷᠳᠠᠯᠭ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ︽ᠭᠤᠤᠯ ᠰᠡᠳᠦᠪᠲᠦ ᠬᠥᠮᠦᠵᠢᠯ ᠤᠨ ᠳᠤᠮᠳᠠ ︿ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ﹀ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠶᠢ ᠥᠷᠨᠢᠭᠦᠯᠬᠦ ᠲᠤᠬᠠᠶ ᠮᠡᠳᠡᠭᠳᠡᠯ︾ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ︿ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ﹀ ᠶᠢ ᠰᠤᠷᠤᠯᠴᠠᠨ ᠳᠡᠯᠭᠡᠷᠡᠭᠦᠯᠬᠦ ᠶᠢ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠬᠤ ᠲᠤᠬᠠᠶ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠪᠠ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠠᠪᠤᠳᠤᠭᠠᠷ ᠤᠳᠠᠭᠠᠨ ᠤ ᠬᠤᠷᠠᠯ ᠵᠢᠴᠢ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠰᠢᠶᠠᠨ ᠤ ᠭᠤᠤᠯ ᠰᠡᠳᠦᠪᠲᠦ ᠬᠥᠮᠦᠵᠢᠯ ᠤᠨ ᠤᠬᠠᠭᠤᠯᠭ᠎ᠠ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ︽ᠬᠡᠪᠲᠡᠭᠡ ᠺᠠᠳ᠋ᠷ︾ ᠢ ᠲᠤᠰᠬᠠᠶ ᠴᠡᠭᠴᠡᠯᠡᠨ ᠵᠠᠰᠠᠬᠤ ᠪᠠ ︽ᠡᠷᠬᠢᠨ ᠬᠠᠷᠠᠬᠤ︾ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠵᠦᠢᠯᠡᠰ ᠢ ᠳᠣᠭᠢᠷᠠᠭᠤᠯᠪᠠ᠃      ᠬᠤᠷᠠᠯ ᠠᠴᠠ᠂ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠨᠲᠡ ᠪᠠᠶᠢᠭ᠎ᠠ ᠲᠤᠮᠤ ᠳᠡᠯᠭᠡᠴᠡ᠂ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠵᠡᠷᠭᠡ ᠶᠢ ᠰᠠᠶᠢᠲᠤᠷ ᠬᠡᠷᠡᠭᠯᠡᠬᠦ ᠶᠢ ᠢᠳᠡᠪᠬᠢᠲᠡᠢ ᠠᠬᠢᠭᠤᠯᠵᠤ᠂ ᠤᠯᠠᠨ ᠲᠠᠯ᠎ᠠ ᠠᠴᠠ ᠭᠤᠣᠯ ᠰᠡᠳᠦᠪᠲᠦ ᠬᠥᠮᠦᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠴᠢᠬᠤᠯᠠ ᠪᠤᠰᠤ ᠪᠦᠷᠢᠯᠭᠡᠨ ᠰᠦᠢᠳᠬᠡᠬᠦ ᠶᠢ ᠴᠢᠩᠭ᠎ᠠ ᠴᠡᠭᠡᠷᠯᠡᠬᠦ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ ᠢᠳᠡᠪᠬᠢᠲᠡᠢ ᠪᠠᠷ ᠪᠠᠶᠢᠴᠠᠭᠠᠨ ᠰᠤᠳᠤᠯᠵᠤ ᠰᠤᠷᠪᠤᠯᠵᠢᠯᠠᠨ᠂ ᠠᠰᠠᠭᠤᠳᠠᠯ ᠤᠨ ᠨᠠᠷᠢᠨ ᠲᠠᠩᠰᠠ ᠶᠢ ᠪᠠᠶᠢᠴᠠᠭᠠᠨ ᠡᠮᠬᠢᠯᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠤᠯᠪᠣᠭᠳᠠᠯ ᠪᠦᠬᠦᠢ ᠬᠦᠷᠢᠶ᠎ᠡ᠂ ᠤᠯᠠᠨ ᠲᠦᠮᠡᠨ ᠤ ᠠᠩᠬᠠᠷᠴᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠡᠳᠬᠦ ᠦᠭᠡᠢ ᠵᠠᠭᠠᠲᠤᠨᠠᠬᠤ ᠦᠭᠡᠢ ᠪᠠᠶᠢᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ︽ᠬᠡᠪᠲᠡᠭᠡ ᠺᠠᠳ᠋ᠷ︾ ᠢ ᠲᠤᠰᠬᠠᠶᠢᠯᠠᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠡᠮᠦᠨᠡᠬᠢ ᠬᠤᠭᠤᠴᠠᠭᠠᠨ ᠤ ᠵᠢᠭᠰᠠᠭᠠᠨ ᠪᠠᠶᠢᠴᠠᠭᠠᠵᠤ ᠳᠡᠭᠡᠭᠰᠢ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠡᠲᠡᠭᠡᠳ ᠢ ᠲᠣᠭᠲᠠᠭᠠᠵᠤ᠂ ᠡᠯ᠎ᠡ ᠨᠢᠭᠡᠴᠢ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠬᠠᠰᠢ ᠶᠠᠰᠢ ᠪᠠᠷ ᠳᠠᠭᠤᠰᠬᠠᠬᠤ ᠶᠢ ᠴᠢᠩᠭ᠎ᠠ ᠴᠡᠭᠡᠷᠯᠡᠬᠦ ᠬᠡᠷᠡᠭᠲᠡᠶ᠃ ᠲᠤᠷᠰᠢᠯᠭ᠎ᠠ ᠶᠢᠨ ᠳ᠋ᠦᠩᠨᠡᠯᠲᠡ ᠶᠢ ᠰᠠᠶᠢᠲᠤᠷ ᠬᠢᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠶᠢᠨ ᠬᠠᠮᠲᠤ᠂ ᠭᠤᠣᠯ ᠰᠡᠳᠦᠪᠲᠦ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ᠂ ᠠᠵᠢᠯ ᠤᠨ ᠬᠢᠯᠠᠰ ᠴᠡᠭ ᠢ ᠢᠳᠡᠪᠬᠢᠲᠡᠢ ᠳ᠋ᠦᠩᠨᠡᠵᠦ ᠂ ᠲᠤᠰ ᠲᠤᠰ ᠤᠨ ᠬᠠᠷᠢᠯᠴᠠᠬᠤ ᠳᠤᠭᠤᠶᠢᠯᠠᠩ ᠳᠠᠭᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠂ ᠵᠥᠪᠬᠡᠨ ᠬᠢᠭᠡᠳ ᠬᠡᠯᠡᠬᠦ ᠦᠭᠡᠢ ᠪᠠᠶᠢᠬᠤ ᠶᠢ ᠴᠢᠩᠭ᠎ᠠ ᠴᠡᠭᠡᠷᠯᠡᠬᠦ ᠬᠡᠷᠡᠭᠲᠡᠢ ᠭᠡᠵᠦ ᠱᠠᠭᠠᠷᠳᠠᠪᠠ᠃      ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠠᠵᠢᠯᠯᠠᠬᠤ ᠳᠤᠭᠤᠶᠢᠯᠠᠩ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠳᠤᠭᠤᠶᠢᠯᠠᠩ ᠤᠨ ᠳᠠᠷᠤᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠭᠤᠣᠯ ᠰᠡᠳᠦᠪᠲᠦ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠱᠧᠩ ᠯᠧ ᠬᠤᠶᠢᠲᠤ ᠵᠡᠭᠡᠯᠢ᠂ ᠶᠦᠨ ᠬᠦ᠋ ᠵᠡᠭᠡᠯᠢ ᠭᠤᠳᠤᠮᠵᠢ ᠶᠢᠨ ᠪᠡᠯᠡᠳᠬᠡᠯ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠣ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号