ᠬᠤᠷᠢᠨᠭᠡᠷ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/2
     ᠣᠶᠢᠷ᠎ᠠ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠤᠷᠢᠨᠭᠡᠷ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠷᠣᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ︾ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︽ᠬᠥᠬᠡᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠦᠨ ᠣᠷᠣᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠠᠵᠢᠯ ᠤᠨ ᠠᠷᠭ᠎ᠠ ᠬᠡᠮᠵᠢᠶ᠎ᠡ︾ ᠶᠢ ᠤᠯᠠᠮᠵᠢᠯᠠᠨ ᠰᠤᠷᠤᠯᠴᠠᠵᠤ᠂ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠠᠵᠤ ᠠᠬᠤᠶᠢᠯᠠᠯᠲᠠᠳ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠵᠢᠴᠢ ᠲᠤᠯᠭᠠᠷᠠᠭᠰᠠᠨ ᠬᠦᠴᠢᠷ ᠠᠰᠠᠭᠤᠳᠠᠯ ᠪᠣᠯᠤᠨ ᠰᠠᠨᠠᠯ ᠰᠠᠨᠠᠭᠤᠯᠭ᠎ᠠ ᠶᠢ ᠣᠶᠢᠯᠠᠭᠠᠵᠤ᠂ ᠬᠤᠷᠢᠨᠭᠡᠷ ᠰᠢᠶᠠᠨ ᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠰᠢᠨ᠎ᠡ ᠪᠠᠶᠢᠳᠠᠯ ᠢ ᠴᠢᠷᠮᠠᠶᠢᠨ ᠡᠭᠦᠳᠴᠡᠢ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ᠂ ᠬᠠᠤᠯᠢᠴᠢ ᠶᠢᠨ ᠲᠥᠯᠥᠭᠡᠯᠡᠭᠴᠢ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠥᠲᠥᠭᠡᠨ ᠪᠠᠶᠢᠭᠤᠯᠬᠤ ᠵᠢᠴᠢ ᠡᠵᠡᠩᠨᠡᠯᠲᠡ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ᠂ ᠰᠠᠨᠠᠯ ᠰᠠᠨᠠᠭᠤᠯᠭ᠎ᠠ ᠵᠡᠷᠭᠡ ᠪᠠᠶᠢᠳᠠᠯ ᠤᠨ ᠲᠣᠭᠤᠷᠢᠨ ᠳᠤ ᠬᠤᠷᠠᠯ ᠳᠤ ᠣᠷᠣᠯᠴᠠᠭᠰᠠᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠬᠠᠣᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠨᠡᠨᠬᠦ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠥᠷᠭᠡᠨ ᠤᠯᠠᠨ ᠠᠵᠤ ᠠᠬᠤᠶᠢᠯᠠᠯᠲᠠᠨ ᠳᠤ ᠰᠡᠳᠬᠢᠯ ᠰᠠᠨᠠᠭ᠎ᠠ ᠪᠠᠨ ᠠᠭᠤᠵᠢᠷᠠᠲᠠᠯ᠎ᠠ ᠦᠢᠯᠡᠴᠢᠯᠡᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠮᠲᠤᠪᠠᠷ ᠦᠢᠯᠡᠴᠢᠯᠡᠵᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢᠨ ᠰᠢᠨ᠎ᠡ ᠶᠢ ᠲᠠᠰᠤᠷᠠᠯᠳᠡ ᠦᠭᠡᠢ ᠡᠭᠦᠳᠴᠦ᠂ ᠲᠤᠰ ᠰᠢᠰᠲ᠋ᠧᠮ ᠤᠨ ᠢᠶᠠᠨ ᠡᠬᠢᠯᠡᠯᠲᠡ ᠲᠠᠢ ᠲᠡᠭᠦᠰᠬᠡᠯ ᠲᠠᠢ ᠪᠠᠶᠢᠬᠤ ᠶᠢ ᠨᠢᠭᠡᠳᠦᠯᠲᠡᠢ ᠲᠥᠯᠥᠪᠵᠢᠭᠦᠯᠵᠦ᠂ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯᠲᠠᠨ ᠯᠤᠭ᠎ᠠ ᠶᠢᠨ ᠤᠯᠤᠯᠴᠠᠭ᠎ᠠ ᠬᠠᠷᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠣᠳᠣᠬᠠᠨ ᠳᠤ᠂ ᠮᠠᠨ ᠤ ᠰᠢᠶᠠᠨ ᠶᠠᠭ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠨ᠎ᠠ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠪᠠᠰᠠ ᠬᠠᠣᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠷ ᠴᠢᠬᠤᠯᠠ ᠠᠭᠤᠯᠭ᠎ᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠶᠢᠩᠭᠤ ᠶᠢᠨ ᠴᠢᠨᠠᠷᠲᠠᠶ ᠡᠭᠦᠳᠡ ᠪᠠᠨ ᠨᠡᠭᠡᠭᠡᠵᠦ ᠢᠳᠬᠠᠯ ᠬᠦᠯᠢᠶᠡᠨ ᠠᠪᠬᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠠᠵᠤ ᠠᠬᠤᠶᠢᠯᠠᠯ ᠳᠤ ᠣᠷᠣᠭᠤᠯᠬᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠪᠢᠲᠡᠭᠦᠦ ᠬᠠᠮᠢᠶᠠᠷᠤᠯᠲᠠ ᠪᠠᠷ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠬᠤ᠂ ᠠᠵᠤ ᠠᠬᠤᠶᠢᠯᠠᠯ ᠤᠨ ᠠᠰᠠᠭᠤᠳᠠᠯ ᠢ ᠰᠢᠢᠳᠪᠦᠷᠢᠯᠡᠬᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠰᠢᠪᠠᠳᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠠᠰᠠᠭᠤᠬᠤ᠂ ᠬᠡᠷᠡᠭᠴᠡᠭᠡ ᠶᠢ ᠠᠵᠤ ᠠᠬᠤᠶᠢᠯᠠᠯ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠵᠤ ᠠᠬᠤᠶᠢᠯᠠᠯ ᠠᠴᠠ ᠠᠰᠠᠭᠤᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠳᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠷᠢᠨᠭᠡᠷ ᠤᠨ ᠬᠠᠣᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠤ ᠰᠢᠨ᠎ᠡ ᠪᠠᠶᠢᠳᠠᠯ ᠢ ᠴᠢᠷᠮᠠᠶᠢᠨ ᠡᠭᠦᠳᠴᠡᠢ᠃      ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠪᠦᠬᠦ ᠰᠢᠶᠠᠨ ᠤ ᠢᠳᠡᠭᠡᠨ ᠤ ᠵᠦᠢᠯ᠂ ᠮᠠᠯ ᠠᠵᠤ ᠠᠬᠤᠢ ᠵᠡᠷᠭᠡ ᠬᠦᠷᠢᠶᠡᠨ ᠤ ᠬᠡᠰᠡᠭ ᠠᠵᠤ ᠠᠬᠤᠶᠢᠯᠠᠯᠲᠠᠨ ᠤ ᠲᠥᠯᠥᠭᠡᠯᠡᠭᠴᠢ᠂ ᠬᠠᠤᠯᠢᠴᠢ ᠶᠢᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ᠂ ᠠᠷᠠᠳ ᠤᠨ ᠬᠢᠨᠠᠯᠲᠠ ᠲᠠᠯᠪᠢᠭᠴᠢ ᠬᠤᠷᠠᠯ ᠳᠤ ᠣᠷᠣᠯᠴᠠᠪᠠ᠃      ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠣ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号