ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ | ᠬᠤᠷᠠᠯᠳᠤᠭᠤᠯᠤᠭᠰᠠᠨ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠤᠬᠠᠢ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ | ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠦᠢᠯᠡᠳᠬᠦᠨ ᠤ ᠪᠣᠷᠤᠯᠠᠭᠤᠯᠭ᠎ᠠ ᠶᠢᠨ ᠨᠣᠷᠮ᠎ᠠ 98.8% ᠳᠤ ᠬᠦᠷᠴᠦ᠂ 4 ᠰᠠᠷ᠎ᠠ | ᠳᠠᠷᠠᠭᠠᠯᠠᠨ 98% ᠶᠢ ᠳᠠᠪᠠᠵᠠᠢ᠃ | ᠲᠦᠷᠦᠭᠦᠦ ᠭᠤᠷᠪᠠᠨ ᠤᠯᠠᠷᠢᠯ ᠳᠤ᠂ ᠪᠦᠭᠦ ᠣᠷᠣᠨ ᠤ ᠤᠯᠠᠮᠵᠢᠯᠠᠯᠲᠤ ᠠᠵᠤ ᠦᠢᠯᠡᠰ ᠦᠨᠳᠦᠰᠦᠨ ᠵᠦᠢᠯ ᠢ | ᠪᠠᠲᠤᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠨᠧᠷᠭᠢ ᠶᠢᠨ ᠠᠵᠤ ᠦᠢᠯᠡᠳᠪᠦᠷᠢ ᠶᠢᠨ ᠪᠦᠭᠦ ᠣᠷᠣᠨ | ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ 40% | ᠰᠢᠬᠠᠮ ᠳᠤ ᠬᠦᠷᠴᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠦᠭᠦᠬᠡᠢ | ᠨᠡᠭᠦᠷᠡᠰᠦᠨ ᠤ ᠭᠠᠷᠤᠯᠲᠠ 8.98 ᠳ᠋ᠦᠩᠰᠢᠭᠤᠷ ᠲᠣᠨ ᠳᠤ ᠬᠦᠷᠴᠦ᠂ ᠦᠷᠭᠦᠯᠵᠢᠯᠡᠨ ᠪᠦᠭᠦ ᠤᠯᠤᠰ ᠤᠨ | ᠬᠤᠶᠠᠳᠤᠭᠠᠷ ᠲᠤ ᠵᠢᠭᠰᠠᠵᠤ᠂ ᠡᠳᠦᠷ ᠳᠤᠮᠳᠠᠴᠢ ᠶᠢᠨ ᠭᠠᠷᠤᠯᠲᠠ 300 ᠲᠦᠮᠡᠨ ᠲᠣᠨ ᠠᠴᠠ ᠳᠡᠭᠡᠭᠰᠢ ᠪᠠᠶᠢᠬᠤ ᠶᠢ | ᠪᠠᠲᠤᠯᠠᠪᠠ᠃ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠴᠠᠭᠢᠯᠭᠠᠨ ᠭᠠᠷᠭᠠᠭᠰᠠᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ | 6 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠵᠠᠢ᠃ ᠡᠭᠦᠨ ᠤ ᠬᠠᠮᠲᠤ᠂ ᠪᠦᠭᠦ ᠣᠷᠣᠨ | ᠤ ᠠᠵᠤ ᠦᠢᠯᠡᠰ ᠤᠨ ᠳᠡᠰ ᠳᠡᠪᠰᠢᠨ ᠬᠥᠭᠵᠢᠬᠦ ᠶᠢ ᠳᠠᠭᠠᠯᠳᠤᠨ ᠮᠡᠷᠭᠡᠵᠢᠯ ᠤᠨ ᠠᠭᠤᠯᠤᠭᠳᠠᠴᠠ ᠪᠠᠷ ᠬᠠᠷᠢᠴᠠᠩᠭᠤᠢ | ᠥᠨᠳᠥᠷ᠂ ᠨᠡᠮᠡᠯᠲᠡ ᠥᠷᠲᠡᠭ ᠢᠶᠠᠷ ᠬᠠᠷᠢᠴᠠᠩᠭᠤᠢ ᠥᠨᠳᠥᠷ ᠳᠡᠭᠡᠳᠦ ᠲᠠᠰ ᠤᠨ ᠦᠢᠯᠡᠳᠬᠦ ᠦᠢᠯᠡᠰ ᠨᠡᠯᠢᠶᠡᠳ | ᠲᠦᠷᠭᠡᠨ ᠨᠡᠮᠡᠭᠳᠡᠯ ᠢ ᠪᠠᠲᠤᠯᠠᠵᠤ᠂ ᠮᠠᠨ ᠤ ᠣᠷᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ | ᠰᠠᠭᠤᠷᠢ ᠶᠢ ᠪᠤᠵᠠᠭᠠᠶᠢᠷᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ | ᠦᠷᠳᠡᠭ 31.4% ᠪᠠᠷ ᠨᠡᠮᠡᠭᠳᠡᠵᠦ᠂ ᠺᠤᠮᠫᠢᠦ᠋ᠲ᠋ᠧᠷ᠂ ᠴᠢᠮᠡᠭᠡ ᠬᠤᠯᠪᠤᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ | ᠦᠢᠯᠡᠳᠬᠦ ᠦᠢᠯᠡᠰ ᠤᠨ ᠨᠡᠮᠡᠭᠳᠡᠯ ᠦᠷᠳᠡᠭ 12.4% ᠪᠠᠷ ᠨᠡᠮᠡᠭᠳᠡᠪᠡ; ᠬᠢᠮᠢ ᠶᠢᠨ ᠡᠮ ᠤᠨ ᠵᠦᠢᠯ ᠤᠨ | ᠲᠦᠭᠦᠬᠡᠢ ᠮᠠᠲ᠋ᠧᠷᠢᠶᠠᠯ᠂ ᠡᠯᠧᠺᠲᠷᠣᠨ ᠰᠡᠯᠪᠢᠭ ᠲᠤᠨᠤᠭ ᠵᠡᠷᠭᠡ ᠳᠡᠭᠡᠳᠦ ᠮᠡᠷᠭᠡᠵᠢᠯ ᠤᠨ ᠦᠢᠯᠡᠳᠬᠦᠨ ᠤ ᠭᠠᠷᠤᠯᠲᠠ | ᠲᠣᠰ ᠲᠣᠰ 26% ᠪᠠ 46.8% ᠪᠠᠷ ᠨᠡᠮᠡᠭᠳᠡᠭᠰᠡᠨ ᠪᠠᠶᠢᠨ᠎ᠠ᠃ |