ᠬᠤᠷᠢᠨᠭᠡᠷ ᠰᠢᠶᠠᠨ 2023 ᠣᠨ ᠤ ᠵᠥᠭᠡᠯᠡᠨ ᠲᠣᠨᠤᠭ ᠢ ᠵᠢᠩᠬᠢᠨᠢ ᠬᠡᠪᠯᠡᠯ ᠤᠨ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/20
     ᠮᠠᠨ ᠤ ᠰᠢᠶᠠᠨ ᠤ ᠵᠥᠭᠡᠯᠡᠨ ᠲᠣᠨᠤᠭ ᠢ ᠵᠢᠩᠬᠢᠨᠢ ᠬᠡᠪᠯᠡᠯ ᠤᠨ ᠪᠣᠯᠭᠠᠬᠤ ᠠᠵᠢᠯ ᠤᠨ ᠥᠷᠨᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 15 ᠤ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠵᠥᠭᠡᠯᠡᠨ ᠲᠣᠨᠤᠭ ᠢ ᠵᠢᠩᠬᠢᠨᠢ ᠬᠡᠪᠯᠡᠯ ᠤᠨ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠦᠬᠦ ᠰᠢᠶᠠᠨ ᠤ 60 ᠰᠢᠬᠠᠮ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠪᠠ᠃      ᠬᠤᠷᠠᠯ ᠠᠴᠠ ᠥᠪᠥᠷ ᠮᠣᠩᠭᠤᠯ ᠤᠨ ᠵᠦᠸᠧ ᠶᠤᠸᠠᠢ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠠᠩ ᠵᠢᠶᠧ ᠬᠤᠤ ᠶᠢ ᠤᠷᠢᠵᠤ᠂ ᠵᠥᠭᠡᠯᠡᠨ ᠲᠣᠨᠤᠭ ᠢ ᠵᠢᠩᠬᠢᠨᠢ ᠬᠡᠪᠯᠡᠯ ᠪᠣᠯᠭᠠᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠤᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ᠂ ᠠᠵᠢᠯ ᠤᠨ ᠰᠢᠮᠳᠠᠭᠤᠯᠤᠨ ᠪᠠᠶᠢᠴᠠᠭᠠᠯᠲᠠ ᠶᠢᠨ ᠭᠤᠤᠯᠳᠠᠯᠭ᠎ᠠ ᠪᠠ ᠶᠠᠪᠤᠴᠠ᠂ ᠥᠪᠥᠷ ᠮᠣᠩᠭᠤᠯ ᠤᠨ ᠵᠥᠭᠡᠯᠡᠨ ᠲᠣᠨᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠵᠡᠷᠭᠡ ᠲᠠᠯ᠎ᠠ ᠪᠠᠷ ᠵᠥᠭᠡᠯᠡᠨ ᠲᠣᠨᠤᠭ ᠢ ᠵᠢᠩᠬᠢᠨᠢ ᠬᠡᠪᠯᠡᠯ ᠤᠨ ᠪᠣᠯᠭᠠᠬᠤ ᠠᠵᠢᠯ ᠤᠨ ᠲᠤᠬᠠᠶ ᠨᠠᠷᠢᠨ ᠲᠠᠶᠢᠯᠪᠤᠷᠢᠯᠠᠯᠲᠠ ᠬᠢᠵᠡᠶ᠃      ᠬᠤᠷᠠᠯ ᠠᠴᠠ᠂ ᠵᠢᠩᠬᠢᠨᠢ ᠬᠡᠪᠯᠡᠯ ᠤᠨ ᠵᠥᠭᠡᠯᠡᠨ ᠲᠤᠨᠤᠭ ᠢ ᠳᠦᠷᠢᠮᠵᠢᠭᠦᠯᠦᠨ ᠬᠡᠷᠡᠭᠯᠡᠬᠦ ᠨᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠭᠠᠨ ᠢ ᠬᠦᠴᠦᠲᠡᠢ ᠪᠠᠲᠤᠯᠠᠵᠤ ᠴᠢᠳᠠᠨ᠎ᠠ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠵᠥᠪ ᠣᠨᠣᠪᠴᠢᠲᠠᠢ ᠠᠵᠢᠯ ᠤᠨ ᠤᠳᠤᠷᠢᠳᠤᠮᠵᠢ ᠶᠢ ᠪᠤᠢ ᠪᠣᠯᠭᠠᠵᠤ᠂ ᠵᠥᠭᠡᠯᠡᠨ ᠲᠤᠨᠤᠭ ᠤᠨ ᠵᠢᠩᠬᠢᠨᠢ ᠬᠡᠪᠯᠡᠯ ᠤᠨ ᠠᠵᠢᠯ ᠢ ᠴᠢᠬᠤᠯᠠ ᠡᠭᠦᠷᠭᠡ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠵᠢᠩᠬᠢᠨᠢ ᠬᠡᠪᠯᠡᠯ ᠤᠨ ᠵᠥᠭᠡᠯᠡᠨ ᠲᠣᠨᠤᠭ ᠤᠨ ᠠᠵᠢᠯ ᠤᠨ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢ ᠴᠢᠩᠭᠠᠳᠬᠠᠵᠤ᠂ ᠵᠥᠭᠡᠯᠡᠨ ᠲᠣᠨᠤᠭ ᠤᠨ ᠵᠢᠩᠬᠢᠨᠢ ᠬᠡᠪᠯᠡᠯ ᠤᠨ ᠪᠠᠶᠢᠴᠠᠭᠠᠯᠲᠠ ᠬᠢᠨᠠᠨ ᠰᠢᠯᠭᠠᠯᠲᠠ ᠶᠢᠨ ᠠᠵᠢᠯ ᠢ ᠤᠷᠢᠳᠴᠢᠯᠠᠨ ᠪᠠᠶᠢᠷᠢᠯᠠᠭᠤᠯᠵᠤ᠂ ᠬᠤᠶᠢᠰᠢᠳᠠ ᠶᠢᠨ ᠵᠥᠭᠡᠯᠡᠨ ᠲᠣᠨᠤᠭ ᠤᠨ ᠵᠢᠩᠬᠢᠨᠢ ᠬᠡᠪᠯᠡᠯ ᠤᠨ ᠠᠵᠢᠯ ᠢ ᠳᠥᠯᠭᠢᠨ ᠠᠬᠢᠭᠤᠯᠬᠤ ᠳᠤ ᠰᠠᠶᠢᠨ ᠰᠠᠭᠤᠷᠢ ᠲᠠᠯᠪᠢᠵᠤ᠂ ᠴᠢᠭᠯᠡᠯ ᠢ ᠲᠣᠳᠣᠷᠬᠠᠶ ᠵᠢᠭᠠᠵᠤ ᠥᠭᠬᠦ ᠶᠢᠨ ᠲᠥᠯᠥᠭᠡ ᠶᠤᠮ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号