ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ︽ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪ᠊
ᠨᠡᠶᠢᠲᠡᠯᠡᠭᠰᠡᠨ ᠴᠠᠭ᠄
2023/11/20
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ︿ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ﹀ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠨ ᠲᠠᠷᠬᠠᠭᠠᠬᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 11 ᠳ᠋ᠣᠭᠡᠷ ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠤ ᠵᠡᠮᠳᠡᠭᠴᠦᠳ ᠤᠨ ᠬᠤᠯᠪᠣᠭ᠎ᠠ ᠭᠤᠤᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠬᠢᠨᠠᠮᠠᠭᠠᠶ ᠦᠢᠯᠡᠳᠦᠯᠭᠡᠵᠢᠭᠦᠯᠵᠦ᠂ ︽ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃      ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠱᠧᠩ ᠯᠧ ᠪᠠᠯᠭᠠᠰᠤᠨ ᠤ ᠳ᠋ᠠᠯᠢᠩ ᠳᠠᠪᠠᠭ᠎ᠠ ᠲᠣᠰᠬᠤᠨ ᠳᠤ ᠬᠦᠷᠴᠦ ᠳᠠᠩᠰᠠᠯᠠᠭᠤᠯᠤᠭᠰᠠᠨ ᠭᠠᠵᠠᠷ ᠤᠨ ᠳ᠋ᠠᠯᠢᠩ ᠳᠠᠪᠠᠭ᠎ᠠ ᠲᠣᠰᠬᠤᠨ ᠤ 5 ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠂ ᠡᠭᠦᠨ ᠳᠤ ᠣᠳᠣᠬᠠᠨ ᠤ ᠡᠵᠡᠩᠨᠡᠯᠲᠡ ᠶᠢᠨ ᠪᠠᠶᠢᠳᠠᠯ᠂ ᠠᠵᠢᠯᠳᠠᠨ ᠤ ᠲᠤᠭ᠎ᠠ᠂ ᠬᠥᠭᠵᠢᠯᠲᠡ ᠶᠢᠨ ᠥᠩᠭᠡᠷᠡᠯᠲᠡ ᠵᠡᠷᠭᠡ ᠪᠠᠭᠲᠠᠨ᠎ᠠ᠃ ᠡᠭᠦᠨ ᠳᠤ ᠨᠢᠭᠡ ᠠᠵᠤ ᠠᠬᠤᠶᠢᠯᠠᠯ ᠳᠤ ᠣᠲᠣ 70 ᠠᠵᠢᠯᠲᠠᠨ ᠠᠵᠢᠯᠴᠢᠨ ᠲᠠᠢ᠂ ᠠᠵᠢᠯ ᠤᠨ ᠪᠠᠶᠢᠷᠢ ᠨᠢ ᠣᠯᠠᠨ᠂ ᠠᠵᠢᠯ ᠤᠨ ᠣᠷᠴᠢᠨ ᠨᠥᠬᠦᠴᠡᠯ ᠨᠢ ᠨᠡᠯᠢᠶᠡᠳ ᠰᠠᠶᠢᠨ᠂ ᠵᠡᠮᠳᠡᠭᠴᠦᠳ ᠲᠤ ᠲᠤᠰᠬᠠᠶ ᠠᠵᠢᠯ ᠤᠨ ᠪᠠᠶᠢᠷᠢ ᠲᠣᠬᠢᠷᠠᠭᠤᠯᠵᠤ ᠥᠭᠬᠦ ᠰᠠᠨᠠᠮᠵᠢ ᠨᠢ ᠨᠡᠯᠢᠶᠡᠳ ᠶᠡᠭᠡ ᠪᠠᠶᠢᠳᠠᠭ᠃ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠠᠵᠤ ᠠᠬᠤᠶᠢᠯᠠᠯ ᠳᠤ ᠢᠳᠡᠪᠬᠢᠲᠡᠢ ᠪᠠᠷ ᠲᠠᠶᠢᠯᠤᠮᠵᠢ ᠬᠢᠵᠦ᠂ ᠵᠡᠮᠳᠡᠭᠴᠦᠳ ᠢ ᠲᠥᠪᠬᠢᠨᠡᠭᠦᠯᠦᠨ ᠠᠵᠢᠯ ᠣᠯᠭᠤᠬᠤ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠬᠠᠭᠤᠯᠪᠠ᠃      ᠠᠵᠤ ᠠᠬᠤᠶᠢᠯᠠᠯ ᠤᠨ ᠬᠢᠨ ᠵᠡᠮᠳᠡᠭᠴᠦᠳ ᠢ ᠠᠵᠤ ᠠᠬᠤᠶᠢᠯᠠᠯ ᠳᠤ ᠣᠷᠣᠭᠤᠯᠤᠨ ᠠᠵᠢᠯ ᠣᠯᠭᠤᠨ᠎ᠠ ᠭᠡᠵᠦ ᠢᠯᠡᠷᠬᠡᠶᠢᠯᠡᠭᠰᠡᠨ ᠪᠥᠭᠡᠳ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠴᠢᠳᠠᠪᠤᠷᠢᠲᠠᠨ ᠤ ᠬᠦᠷᠭᠡᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠢ ᠲᠡᠳᠬᠦᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠨᠡᠩ ᠣᠯᠠᠨ ᠠᠵᠤ ᠠᠬᠤᠶᠢᠯᠠᠯ ᠤᠨ ᠵᠡᠮᠳᠡᠭᠴᠦᠳ ᠲᠤ ᠠᠵᠢᠯ ᠣᠯᠭᠤᠬᠤ ᠲᠣᠬᠢᠶᠠᠯ ᠬᠠᠩᠭᠠᠬᠤ ᠶᠢ ᠵᠣᠷᠢᠭᠵᠢᠭᠤᠯᠵᠤ᠂ ᠲᠤᠰ ᠤᠳᠠᠭᠠᠨ ᠤ ︽ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ ᠶᠢᠨ ᠣᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠥᠮᠦᠨ ᠪᠠ ᠠᠵᠢᠯ ᠤᠨ ᠪᠠᠶᠢᠷᠢ ᠶᠢ ᠵᠣᠬᠢᠴᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠬᠤᠶᠠᠷ ᠲᠠᠯ᠎ᠠ ᠪᠠᠷ ᠢᠶᠠᠨ ᠰᠣᠩᠭᠤᠬᠤ︾ ᠲᠠᠪᠴᠠᠩ ᠢ ᠪᠠᠶᠢᠭᠤᠯᠵᠤ᠂ ︽ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠵᠡᠮᠳᠡᠭᠴᠦᠳ ᠲᠤ ᠳᠣᠭᠢᠷᠠᠬᠤ ᠠᠵᠢᠯ ᠤᠨ ᠪᠠᠶᠢᠷᠢ ᠶᠢ ᠦᠷᠭᠦᠯᠵᠢᠯᠡᠨ ᠠᠭᠤᠳᠠᠯᠵᠤ᠂ ᠵᠡᠮᠳᠡᠭᠴᠦᠳ ᠤᠨ ᠠᠵᠢᠯ ᠤᠯᠬᠤ ᠳᠤ ᠵᠠᠭᠤᠴᠢ ᠬᠤᠯᠪᠣᠭᠠᠰᠤ ᠪᠣᠯᠵᠣ᠂ ᠵᠡᠮᠳᠡᠭᠴᠦᠳ ᠢ ᠬᠠᠪᠰᠤᠷᠤᠨ ᠠᠵᠢᠯ ᠤᠯᠬᠤ ᠳᠤ ᠬᠦᠴᠢᠷᠲᠡᠶ ᠠᠰᠠᠭᠤᠳᠠᠯ ᠢ ᠰᠢᠢᠳᠪᠦᠷᠢᠯᠡᠵᠦ᠂ ᠨᠠᠩ ᠣᠯᠠᠨ ᠵᠡᠮᠳᠡᠭᠴᠦᠳ ᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠳᠤ ᠭᠠᠷᠭᠠᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号