2023 ᠣᠨ ᠤ ᠪᠥᠬᠦ ᠰᠢᠶᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠲᠦᠷᠭᠡᠳᠬᠡᠨ ᠠᠬᠢᠭᠤᠯᠬᠤ ᠲᠤᠬᠠᠶ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/20
ᠬᠤᠷᠢᠨᠭᠡᠷ ᠵᠠᠰᠠᠭ ᠠᠯᠪᠠᠨ ᠥᠰᠥᠭ ︹ 2023 ︺ 34 ᠳ᠋ᠣᠭᠡᠷ ᠲᠣᠭᠠᠲᠤᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄      ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠪᠠ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠤᠳᠤᠷᠢᠳᠬᠤ ᠳᠤᠭᠤᠶᠢᠯᠠᠩ ᠤᠨ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠲᠤᠭᠤᠰᠢᠯᠠᠭᠤᠯᠤᠨ ᠬᠡᠷᠡᠭᠵᠢᠭᠦᠯᠵᠦ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠠᠷᠠᠳ ᠲᠤ ᠠᠰᠢᠭ ᠬᠦᠷᠲᠡᠭᠡᠬᠦ ᠲᠤᠬᠠᠶ ᠮᠡᠳᠡᠭᠳᠡᠯ︾ ︵ᠥᠪᠥᠷ  ᠠᠵᠢᠯ ᠣᠯᠭᠤᠯᠲᠠ ᠲᠠᠷᠬᠠᠭᠠᠭᠰᠠᠨ ︹ 2023 ︺ 1 ᠳ᠋ᠣᠭᠡᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠥᠪᠥᠷ ᠮᠣᠩᠭᠤᠯ ᠤᠨ ᠮᠡᠷᠭᠡᠵᠢᠯ ᠴᠢᠳᠠᠪᠤᠷᠢ ᠶᠢᠨ ᠠᠵᠢᠯᠯᠠᠭ᠎ᠠ︾ ᠶᠢ ᠬᠡᠷᠡᠭᠵᠢᠭᠦᠯᠬᠦ ᠲᠥᠰᠦᠯ ︵2022 — 2025 ᠣᠨ︶︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ︹ 2022 ︺ 66 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠪᠣᠯᠪᠠᠰᠤᠷᠠᠭᠤᠯᠤᠯ ᠤᠨ ᠡᠲᠡᠭᠡᠳ      ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠥᠳᠡᠯᠮᠦᠷᠢᠯᠡᠬᠦ ᠴᠢᠳᠠᠪᠤᠷᠢ ᠲᠠᠢ ᠪᠠ ᠪᠣᠯᠪᠠᠰᠤᠷᠠᠭᠤᠯᠤᠯ ᠳᠤ ᠣᠷᠣᠯᠴᠠᠬᠤ ᠬᠦᠰᠡᠯ ᠲᠠᠢ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠤᠨ᠂ ᠡᠭᠦᠨ ᠳᠤ᠄ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠠᠪᠰᠢᠭᠰᠠᠨ ᠥᠬᠡᠶ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ᠂ ᠡᠷᠡᠭᠦᠤ ᠰᠢᠳᠬᠡᠯ ᠭᠦᠢᠴᠡᠳᠬᠡᠭᠰᠡᠳ᠂ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠪᠠᠨ ᠵᠣᠭᠰᠣᠭᠰᠠᠳ᠂ ᠠᠮᠢᠳᠤᠯᠢᠭ ᠢᠶᠠᠷ ᠠᠵᠢᠯ ᠣᠯᠤᠭᠰᠠᠳ᠂ ᠠᠵᠤ ᠠᠬᠤᠶᠢᠯᠠᠯ ᠤᠨ ᠰᠢᠨ᠎ᠡ ᠪᠠᠷ ᠡᠯᠰᠡᠭᠰᠡᠨ ᠪᠤᠶᠤ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠵᠡᠷᠭᠡ ᠭᠤᠤᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠪᠠᠭᠲᠠᠨ᠎ᠠ᠃      ᠬᠤᠶᠠᠷ᠂ ᠪᠣᠯᠪᠠᠰᠤᠷᠠᠭᠤᠯᠬᠤ ᠵᠠᠷᠤᠳᠠᠯ      ᠳᠡᠭᠡᠷ᠎ᠡ ᠳᠤᠷᠠᠳᠤᠭᠰᠠᠨ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠬᠦ ᠪᠣᠶ ᠪᠥᠬᠦᠶ ᠰᠤᠷᠤᠭᠴᠢᠳ ᠰᠦᠢᠳᠬᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠤᠯ ᠳᠤ ᠣᠷᠣᠯᠴᠠᠬᠤ ᠬᠡᠷᠡᠭᠲᠡᠶ᠃ ᠡᠭᠦᠨ ᠳᠤ᠄ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠠᠵᠢᠯ ᠤᠯᠬᠤ ᠳᠤ ᠬᠦᠴᠢᠷᠲᠡᠶ ᠬᠥᠮᠦᠰ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ᠂ ᠬᠥᠳᠡᠭᠡ ᠲᠣᠰᠬᠤᠨ ᠤ ᠡᠷᠦᠬᠡ ᠠᠮᠠ ᠶᠢᠨ ᠲᠠᠩᠰᠠ ᠲᠠᠢ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠠᠪᠰᠢᠭᠰᠠᠨ ᠥᠬᠡᠶ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠰᠤᠷᠤᠭᠴᠢᠳ ᠲᠤ ᠪᠣᠯᠪᠠᠰᠤᠷᠠᠭᠤᠯᠤᠯ ᠤᠨ ᠬᠤᠭᠤᠴᠠᠭᠠᠨ ᠳᠤ ᠬᠥᠮᠦᠨ ᠪᠦᠷᠢ ᠳᠤ ᠡᠳᠦᠷ ᠪᠦᠷᠢ 100 ᠲᠥᠭᠦᠷᠢᠭ ᠤᠨ ᠠᠮᠢᠳᠤᠷᠠᠯ ᠤᠨ ᠵᠠᠷᠤᠳᠠᠯ ︵ᠵᠠᠮ ᠬᠠᠷᠢᠯᠴᠠᠭᠠᠨ ᠤ ᠵᠠᠷᠤᠳᠠᠯ ᠪᠠᠭᠲᠠᠨ᠎ᠠ︶ ᠣᠯᠭᠤᠨ᠎ᠠ᠃      ᠭᠤᠷᠪᠠ᠂ ᠪᠣᠯᠪᠠᠰᠤᠷᠠᠭᠤᠯᠤᠯ ᠤᠨ ᠠᠭᠤᠯᠭ᠎ᠠ      ᠪᠣᠯᠪᠠᠰᠤᠷᠠᠭᠤᠯᠤᠯ ᠢ ᠰᠠᠭᠤᠷᠢ ᠮᠡᠳᠡᠯᠭᠡ ᠪᠠ ᠪᠣᠳᠠᠲᠠᠶ ᠪᠣᠯᠪᠠᠰᠤᠷᠠᠭᠤᠯᠤᠯ ᠭᠡᠵᠦ ᠬᠤᠪᠢᠶᠠᠵᠤ᠂ ᠰᠤᠷᠤᠭᠴᠢᠳ ᠤᠨ ᠪᠣᠯᠪᠠᠰᠤᠷᠠᠭᠤᠯᠤᠭᠰᠠᠨ ᠤ ᠳᠠᠷᠠᠭ᠎ᠠ ᠠᠵᠢᠯ ᠳᠤ ᠣᠷᠣᠬᠤ ᠦᠨᠳᠦᠰᠦᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠣᠯᠪᠠᠰᠤᠷᠠᠭᠤᠯᠬᠤ ᠵᠦᠢᠯ ᠢᠯᠭᠠᠯ᠄ ᠴᠠᠬᠢᠯᠭᠠᠨ᠂ ᠭᠠᠩᠨᠠᠭᠤᠷᠴᠢᠨ᠂ ᠣᠶᠣᠳᠠᠯ ᠤᠨ ᠠᠵᠢᠯᠴᠢᠨ᠂ ᠬᠢᠲᠠᠳ ᠮᠠᠶ᠋ᠢᠭ ᠤᠨ ᠬᠤᠭᠤᠯᠠ ᠵᠠᠭᠤᠰᠢ᠂ ᠧᠦ᠋ᠷᠣᠫᠠ ᠮᠠᠶ᠋ᠢᠭ ᠤᠨ ᠬᠤᠭᠤᠯᠠ ᠵᠠᠭᠤᠰᠢ᠂ ᠧᠦ᠋ᠷᠣᠫᠠ ᠮᠠᠶ᠋ᠢᠭ ᠤᠨ ᠭᠤᠯᠢᠷᠰᠢ᠂ ᠡᠬᠡ ᠨᠢᠯᠬᠠᠰ ᠤᠨ ᠠᠰᠠᠷᠠᠭᠴᠢ᠂ ᠨᠠᠰᠤᠵᠢᠯ ᠤᠨ ᠰᠤᠪᠢᠯᠠᠯᠲᠠ᠂ ᠬᠡᠷ ᠤᠨ ᠶᠠᠪᠤᠳᠠᠯ ᠤᠨ ᠦᠢᠯᠡᠴᠢᠯᠡᠭᠡ᠂ ᠠᠷᠢᠭᠤᠨ ᠴᠡᠪᠡᠷ᠂ ᠣᠯᠠᠨ ᠨᠡᠶᠢᠲᠡ ᠶᠢᠨ ᠰᠢᠮ᠎ᠡ ᠲᠡᠵᠢᠭᠡᠯ᠂ ᠵᠢᠰᠦ ᠭᠤᠶᠣᠯᠠᠬᠤ᠂ ᠵᠠᠰᠠᠵᠤ ᠴᠢᠮᠡᠬᠦ᠂ ᠦᠨᠳᠦᠰᠦᠲᠡᠨ ᠤ ᠬᠤᠪᠴᠠᠰᠤ ᠬᠤᠨᠠᠷ ᠵᠢᠷᠤᠵᠤ ᠲᠥᠯᠥᠪᠯᠡᠬᠦ᠂ ᠦᠨᠳᠦᠰᠦᠲᠡᠨ ᠤ ᠭᠠᠷ ᠤᠷᠠᠯᠠᠯ ᠦᠢᠯᠡᠳᠬᠦ᠂ ᠭᠠᠯ ᠤᠨᠲᠠᠷᠠᠭᠠᠬᠤ ᠪᠡᠯᠡᠳᠬᠡᠮᠵᠢ ᠶᠢᠨ ᠠᠵᠢᠯᠯᠠᠭ᠎ᠠ᠂ ᠺᠣᠮᠫᠢᠦ᠋ᠲ᠋ᠧᠷ ᠤᠨ ᠠᠵᠢᠯᠯᠠᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠢᠯᠣᠭᠤᠴᠢ ᠥᠬᠡᠶ ᠨᠢᠰᠬᠡᠯ ᠢᠶᠠᠷ ᠵᠢᠯᠣᠭᠤᠳᠬᠤ᠂ ᠡᠷᠡᠭᠦᠯᠵᠢᠯ ᠤᠨ ᠢᠯᠢᠯᠭᠡ᠂ ᠠᠵᠤ ᠠᠬᠤᠶᠢᠯᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ᠂ ᠬᠡᠷ ᠤᠨ ᠲᠡᠵᠢᠭᠡᠪᠦᠷᠢ ᠶᠢᠨ ᠠᠷᠠᠴᠢᠯᠠᠯᠲᠠ᠂ ᠴᠠᠭᠠᠨ ᠢᠳᠡᠭᠡ ᠡᠳ᠋ᠰᠢᠭᠦᠯᠬᠦ᠂ ᠮᠠᠯ ᠵᠢᠭᠦᠷᠲᠡᠨ ᠢ ᠨᠢᠲᠤᠯᠵᠤ ᠡᠳ᠋ᠰᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠢᠳᠡᠭᠡᠨ ᠤ ᠰᠢᠯᠭᠠᠨ ᠪᠠᠶᠢᠴᠠᠭᠠᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠭᠤᠯᠠᠶ᠂ ᠬᠢᠮᠢ ᠶᠢᠨ ᠰᠢᠯᠭᠠᠨ ᠪᠠᠶᠢᠴᠠᠭᠠᠯᠲᠠ ᠵᠡᠷᠭᠡ᠃      ᠳᠥᠷᠪᠡ᠂ ᠪᠣᠯᠪᠠᠰᠤᠷᠠᠭᠤᠯᠬᠤ ᠭᠠᠵᠠᠷ      ᠪᠣᠯᠪᠠᠰᠤᠷᠠᠭᠤᠯᠤᠯ ᠤᠨ ᠬᠥᠮᠦᠨ ᠤ ᠲᠤᠭ᠎ᠠ ᠪᠠ ᠬᠦᠰᠡᠯ ᠰᠠᠨᠠᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠤᠨ ᠣᠶᠢᠷ᠎ᠠ ᠬᠠᠪᠢ ᠶᠢᠨ ᠪᠠᠶᠢᠭ᠎ᠠ ᠰᠢᠶᠠᠩ ᠪᠠᠯᠭᠠᠰᠤ ᠶᠢᠨ ᠬᠥᠮᠦᠨ ᠠᠮᠠ ᠲᠥᠪᠯᠡᠷᠡᠭᠰᠡᠨ ᠣᠷᠣᠨ ᠪᠦᠰᠡ ᠳᠤ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠲᠠᠪᠤ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ      ᠰᠦᠯᠵᠢᠶᠡᠨ ᠠᠴᠠ ᠭᠠᠳᠠᠭᠤᠷ ᠲᠥᠪᠯᠡᠷᠡᠭᠦᠯᠦᠨ ᠪᠣᠯᠪᠠᠰᠤᠷᠠᠭᠤᠯᠬᠤ ᠠᠷᠭ᠎ᠠ ᠮᠠᠶ᠋ᠢᠭ ᠢ ᠠᠪᠴᠤ᠂ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠦᠨᠳᠦᠰᠦᠯᠡᠨ ᠴᠠᠭ ᠬᠤᠪᠢᠶᠠᠨ ᠥᠷᠨᠢᠭᠦᠯᠦᠨ᠎ᠡ᠃      ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠵᠣᠭᠰᠣᠴᠠ ᠪᠠᠨ ᠳᠡᠭᠡᠭᠰᠢᠯᠡᠭᠦᠯᠵᠦ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠨᠢᠭᠡᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠳᠤ ᠳᠠᠭᠠᠭᠠᠯᠭᠠᠨ᠂ ᠬᠤᠷᠴᠠ ᠴᠢᠳᠠᠮᠠᠭᠠᠶ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠲᠣᠰ ᠲᠣᠰ ᠤᠨ ᠳᠠᠭᠠᠭᠠᠨ ᠠᠪᠤᠭᠰᠠᠨ ᠪᠣᠯᠪᠠᠰᠤᠷᠠᠭᠤᠯᠤᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠬᠢᠨ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠨᠥᠬᠦᠴᠡᠯ ᠢ ᠠᠩᠬ᠎ᠠ ᠠᠯᠬᠤᠮ ᠬᠠᠷᠭᠤᠭᠤᠯᠤᠨ ᠳᠣᠲᠣᠯᠠᠵᠤ᠂ ᠰᠦᠢᠳᠬᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠬᠤ ᠨᠥᠬᠦᠴᠡᠯ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ︽ᠬᠤᠷᠢᠨᠭᠡᠷ ᠰᠢᠶᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠡᠷ᠎ᠡ ᠮᠡᠳᠡᠭᠦᠯᠬᠦ ᠬᠦᠰᠦᠨᠦᠭᠲᠦ︾ ᠶᠢ ᠲᠠᠭᠯᠠᠨ ᠮᠡᠳᠡᠭᠦᠯᠵᠦ᠂ 10 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨᠠᠬᠢ 5 ᠴᠠᠭ ᠠᠴᠠ ᠡᠮᠦᠨ᠎ᠡ ᠠᠩᠬ᠎ᠠ ᠤᠳᠠᠭ᠎ᠠ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠮᠡᠳᠡᠭᠦᠯᠦᠨ ᠬᠦᠷᠭᠡᠵᠦ᠂ ᠡᠭᠦᠨ ᠠᠴᠠ ᠰᠡᠭᠦᠯᠡᠷ 10 ᠡᠳᠦᠷ ᠠᠯᠤᠰᠯᠠᠬᠤ ᠪᠦᠷᠢ ᠨᠢᠭᠡ ᠤᠳᠠᠭ᠎ᠠ ᠮᠡᠳᠡᠭᠦᠯᠦᠨ ᠬᠦᠷᠭᠡᠵᠦ᠂ 12 ᠰᠠᠷ᠎ᠠ ᠶᠢᠨ 13 ᠤ ᠡᠳᠦᠷ ᠪᠣᠯᠲᠠᠯ᠎ᠠ ᠬᠦᠷᠭᠡᠨ᠎ᠡ᠃                ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ                2023 ᠣᠨ ᠤ 10 ᠰᠠᠷ᠎ᠠ ᠶᠢᠨ 17 ᠤ ᠡᠳᠦᠷᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号