ᠰᠠᠨᠰᠠᠷ ᠲᠤ ᠡᠭᠦᠯᠳᠡᠷ ᠪᠣᠶᠢᠵᠢᠭᠤᠯᠬᠤ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/20
     11 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢᠶᠠᠷ ᠲᠣᠯᠣᠭᠠᠶᠢᠯᠠᠭᠤᠯᠤᠭᠰᠠᠨ᠂ ᠳᠤᠮᠳᠠᠳᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰᠵᠢᠯᠲᠡ ᠶᠢᠨ ᠰᠤᠳᠤᠯᠭᠠᠨ ᠤ ᠨᠡᠶᠢᠭᠡᠮᠯᠢᠭ ᠵᠡᠷᠭᠡ ᠣᠷᠣᠨ ᠤ ᠳᠣᠲᠣᠨ᠎ᠠ ᠭᠠᠳᠠᠨᠠᠬᠢ 13 ᠨᠢᠭᠡᠴᠢ ᠶᠢᠨ ᠬᠠᠮᠲᠤᠷᠠᠨ ᠪᠠᠶᠢᠭᠤᠯᠤᠭᠰᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠰᠠᠨᠰᠠᠷ ᠲᠤ ᠡᠭᠦᠯᠳᠡᠷ ᠪᠣᠶᠢᠵᠢᠭᠤᠯᠬᠤ ᠰᠤᠳᠤᠯᠭᠠᠨ ᠤ ᠬᠦᠷᠢᠶᠡᠯᠡᠩ ᠭᠦᠭᠡᠬᠤᠲᠠ ᠳᠤ ᠪᠠᠶᠢᠭᠤᠯᠤᠭᠳᠠᠪᠠ᠃      ᠲᠤᠰ ᠬᠦᠷᠢᠶᠡᠯᠡᠩ ᠪᠠᠶᠢᠭᠤᠯᠤᠭᠳᠠᠭᠰᠠᠨ ᠤ ᠳᠠᠷᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠢᠳᠡᠪᠬᠢᠲᠡᠢ ᠠᠰᠢᠭᠯᠠᠵᠤ᠂ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠡᠷᠲᠡ ᠪᠣᠯᠪᠠᠰᠤᠷᠠᠬᠤ᠂ ᠡᠪᠡᠳᠴᠢᠨ ᠡᠰᠡᠷᠭᠦᠴᠡᠬᠦ ᠤᠷᠭᠤᠮᠠᠯ ᠤᠨ ᠰᠢᠨ᠎ᠡ ᠡᠭᠦᠯᠳᠡᠷ ᠪᠠ ᠰᠢᠨ᠎ᠡ ᠦᠷ᠎ᠡ ᠶᠢᠨ ᠮᠠᠲ᠋ᠧᠷᠢᠶᠠᠯ ᠢ ᠪᠤᠯᠪᠠᠰᠤᠷᠠᠭᠤᠯᠬᠤ ᠪᠠᠷ ᠬᠠᠷᠠᠯᠲᠠ ᠪᠤᠯᠭᠠᠵᠤ᠂ ᠰᠠᠨᠰᠠᠷ ᠲᠤ ᠦᠷ᠎ᠡ ᠪᠣᠶᠢᠵᠢᠭᠤᠯᠬᠤ ᠮᠡᠷᠭᠡᠵᠢᠯ ᠢᠶᠠᠷ ᠳᠠᠮᠵᠢᠨ᠂ ᠦᠷ᠎ᠡ ᠶᠢᠨ ᠦᠢᠯᠡᠰ ᠤᠨ ︽ᠪᠣᠭᠤᠮᠢ︾ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠵᠦ᠂︽ᠮᠡᠷᠭᠡᠵᠢᠯ ᠤᠨ ᠪᠣᠭᠤᠮᠲᠠ ᠰᠢᠪᠲᠤᠯᠬᠤ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠨᠢᠭᠡ ᠴᠣᠭᠴᠠᠵᠢᠭᠤᠯᠬᠤ︾ ᠰᠢᠨ᠎ᠡ ᠶᠢ ᠡᠭᠦᠳᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠤᠯᠤᠰ ᠤᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ  ᠪᠠᠷ ᠪᠠᠶᠢᠨ᠎ᠠ᠃      ᠲᠤᠬᠠᠢ ᠶᠢᠨ ᠡᠳᠦᠷ᠂ ᠤᠯᠤᠰ ᠤᠨ ᠲᠥᠮᠥᠰᠥ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠢᠨᠵᠢᠯᠡᠬᠦ ᠤᠬᠠᠭᠠᠨᠲᠠᠨ ᠶᠢᠨ ᠯᠢ ᠫᠢᠩ ᠫᠷᠤᠹᠧᠰᠰᠤᠷ ᠲᠤ ᠰᠠᠨᠰᠠᠷ ᠲᠤ ᠡᠭᠦᠯᠳᠡᠷ ᠪᠣᠶᠢᠵᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠤᠷᠢᠯᠭ᠎ᠠ ᠶᠢᠨ ᠪᠢᠴᠢᠭ ᠭᠠᠷᠳᠠᠭᠤᠯᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠪᠣᠯᠣᠨ ᠳᠤᠮᠳᠠᠳᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰᠵᠢᠯᠲᠡ ᠶᠢᠨ ᠰᠤᠳᠤᠯᠭᠠᠨ ᠤ ᠨᠡᠶᠢᠭᠡᠮᠯᠢᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠰᠠᠨᠰᠠᠷ ᠲᠤ ᠡᠭᠦᠯᠳᠡᠷ ᠪᠣᠶᠢᠵᠢᠭᠤᠯᠬᠤ ᠰᠤᠳᠤᠯᠭᠠᠨ ᠤ ᠬᠦᠷᠢᠶᠡᠯᠡᠩ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ 13 ᠪᠦᠷᠢᠯᠳᠦᠭᠦᠨ ᠨᠢᠭᠡᠴᠢ  ᠯᠦᠭᠡ ᠬᠠᠮᠲᠤ ᠪᠠᠷ ᠪᠠᠶᠢᠭᠤᠯᠬᠤ ᠵᠥᠪᠯᠡᠯᠴᠡᠭᠡᠷ ᠲᠣᠭᠲᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号