︵ᠰᠤᠷᠪᠤᠯᠵᠢᠯᠠᠭᠴᠢ ᠯᠢᠦ ᠯᠢ ᠰᠢᠶᠠ︶ 11 ᠳ᠋ᠦ᠋ᠭᠡᠷ ᠰᠠᠷ᠎ᠠ ᠶᠢᠨ 17 ᠤ ᠡᠳᠦᠷ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠬᠤᠷᠠᠯᠳᠤᠭᠤᠯᠤᠭᠰᠠᠨ 1—10 ᠳ᠋ᠤᠭᠠᠷ ᠰᠠᠷ᠎ᠠ ᠶᠢᠨ ᠪᠥᠬᠦ ᠬᠤᠲᠠ ᠶᠢᠨ ᠠᠵᠤ | ᠠᠬᠤᠢ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠬᠦ ᠬᠤᠷᠠᠯ ᠠᠴᠠ ᠣᠶᠢᠯᠠᠭᠠᠭᠰᠠᠨ ᠨᠢ᠂ 1—10 ᠳ᠋ᠤᠭᠠᠷ ᠰᠠᠷ᠎ᠠ ᠳᠤ | ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠵᠡᠷᠭᠡ ᠠᠰᠢᠭᠲᠠᠢ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠣᠣᠷ᠎ᠠ᠂ ᠪᠥᠬᠦ ᠬᠤᠲᠠ ᠶᠢᠨ | ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠢᠯᠡᠳᠲᠡ ᠲᠦᠷᠭᠡᠳᠴᠦ᠂ | ᠬᠥᠭᠵᠢᠯᠲᠡ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭᠠᠷᠠᠵᠤ᠂ ᠲᠣᠭᠲᠠᠭᠤᠨ ᠢᠶᠠᠷ ᠨᠡᠮᠡᠭᠳᠡᠵᠦ | ᠲᠦᠷᠭᠡᠨ ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ | ᠠᠵᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠴᠦ ᠦᠷ᠎ᠡ ᠪᠦᠲᠦᠮᠵᠢ ᠳᠡᠭᠡᠭᠰᠢᠯᠡᠪᠡ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ | ᠦᠢᠯᠡᠰ ᠤᠨ ᠪᠥᠭᠡᠮᠨᠡᠷᠡᠯ ᠤᠨ ᠦᠷ᠎ᠡ ᠠᠰᠢᠭ ᠢ ᠦᠷᠭᠦᠯᠵᠢᠯᠡᠨ ᠴᠢᠩᠭᠠᠷᠠᠭᠤᠯᠪᠠ᠃ 1—10 ᠳ᠋ᠤᠭᠠᠷ ᠰᠠᠷ᠎ᠠ ᠳᠤ᠂ | ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 23.1% ᠪᠠᠷ ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 0.5 | ᠵᠠᠭᠤᠨ ᠤ ᠨᠢᠭᠡᠴᠢ ᠲᠦᠷᠭᠡᠳᠴᠡᠢ᠃ ᠦᠢᠯᠡᠳᠬᠦ ᠦᠢᠯᠡᠰ ᠤᠨ ᠳᠠᠶᠢᠴᠢᠯᠠᠬᠤ ᠦᠢᠯᠡᠳᠦᠯ ᠴᠢᠩᠭᠠᠷᠠᠵᠤ᠂ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 21.5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 17.2 ᠵᠠᠭᠤᠨ ᠤ ᠨᠢᠭᠡᠴᠢ ᠳᠡᠭᠡᠭᠰᠢ | ᠲᠠᠲᠠᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 74.5% ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ | ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠭᠤᠣᠯ ᠬᠦᠴᠦᠨ ᠪᠣᠯᠤᠭᠰᠠᠨ ᠪᠠᠶᠢᠨ᠎ᠠ᠃ ᠳᠡᠭᠡᠳᠦ | ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠳᠴᠦ᠂ 1—10 ᠳ᠋ᠤᠭᠠᠷ ᠰᠠᠷ᠎ᠠ ᠳᠤ᠂ ᠳᠡᠭᠡᠳᠦ | ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.5 ᠳᠠᠬᠢᠨ | ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢ ᠳᠠᠶᠢᠴᠢᠯᠠᠨ 19.0 ᠵᠠᠭᠤᠨ ᠤ ᠨᠢᠭᠡᠴᠢ ᠨᠡᠮᠡᠭᠳᠡᠭᠦᠯᠵᠦ᠂ ᠲᠠᠲᠠᠬᠤ | ᠬᠦᠴᠦᠨ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 16.0 ᠵᠠᠭᠤᠨ ᠤ ᠨᠢᠭᠡᠴᠢ ᠳᠡᠭᠡᠭᠰᠢᠯᠡᠵᠦ᠂ | ᠮᠡᠳᠡᠭᠡ ᠵᠠᠩᠭᠢ ᠶᠢᠨ ᠠᠵᠢᠯ ᠲᠥᠷᠥᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 86.7% | ᠨᠡᠮᠡᠭᠳᠡᠨ᠂ ᠪᠥᠬᠦ ᠪᠡᠯᠡ ᠣᠷᠣᠭᠤᠯᠤᠯᠲᠠ ᠠᠴᠠ 53.8 ᠵᠠᠭᠤᠨ ᠤ ᠨᠢᠭᠡᠴᠢ ᠥᠨᠳᠥᠷ ᠪᠣᠯᠵᠠᠢ᠃ ᠵᠢᠵᠢᠭ ᠪᠢᠴᠢᠯ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠬᠥᠭᠵᠢᠵᠦ᠂ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠶᠢᠨ ᠪᠠᠷᠤᠭ 8 ᠬᠤᠪᠢ ᠶᠢ ᠡᠵᠡᠯᠡᠬᠦ ᠵᠢᠵᠢᠭ | ᠪᠢᠴᠢᠯ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30.0% ᠨᠡᠮᠡᠭᠳᠡᠵᠦ᠂ | ᠲᠦᠷᠦᠭᠦᠸ ᠭᠤᠷᠪᠠᠨ ᠤᠯᠠᠷᠢᠯ ᠤᠨ ᠬᠢ ᠠᠴᠠ 1.5 ᠵᠠᠭᠤᠨ ᠤ ᠨᠢᠭᠡᠴᠢ ᠲᠦᠷᠭᠡᠨ ᠪᠣᠯᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 4.6 ᠵᠠᠭᠤᠨ ᠤ ᠨᠢᠭᠡᠴᠢ ᠳᠠᠶᠢᠴᠢᠯᠠᠨ᠂ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠳᠤ ᠠᠮᠢᠵᠢᠷᠠᠯ ᠤᠨ | ᠬᠦᠴᠦᠨ ᠨᠡᠮᠡᠷᠢᠯᠡᠪᠡ᠃ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠴᠢᠩᠭᠠᠷᠠᠵᠤ᠂ 1—10 ᠳ᠋ᠤᠭᠠᠷ | ᠰᠠᠷ᠎ᠠ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.0% | ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠨ 24.9 ᠵᠠᠭᠤᠨ ᠤ ᠨᠢᠭᠡᠴᠢ | ᠬᠦᠷᠭᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 12.3 ᠵᠠᠭᠤᠨ ᠤ ᠨᠢᠭᠡᠴᠢ ᠳᠡᠭᠡᠭᠰᠢᠯᠡᠵᠦ᠂ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ ᠡᠵᠡᠯᠡᠬᠦ ᠬᠠᠷᠢᠴᠠᠯ ᠳᠡᠭᠡᠭᠰᠢᠯᠡᠨ᠂ ᠠᠵᠤ ᠦᠢᠯᠡᠰ ᠤᠨ ᠬᠥᠭᠵᠢᠯᠲᠡ ᠳᠤ ᠬᠥᠳᠡᠯᠭᠡᠬᠦ ᠬᠦᠴᠦᠨ | ᠨᠡᠮᠡᠷᠢᠯᠡᠭᠰᠡᠨ ᠪᠠᠶᠢᠨ᠎ᠠ᠃ | ᠬᠡᠷᠡᠭᠯᠡᠭᠡᠨ ᠤ ᠬᠦᠷᠢᠶᠡᠨ ᠤ ᠪᠠᠭᠲᠠᠭᠠᠮᠵᠢ ᠶᠡᠬᠡᠳᠴᠦ ᠶᠠᠰᠤ ᠴᠢᠨᠠᠷ ᠨᠢ ᠳᠡᠭᠡᠭᠰᠢᠯᠡᠪᠡ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢᠨ ᠲᠣᠭᠤᠷᠢᠨ ᠳᠤ᠂ ᠪᠥᠬᠦ ᠬᠤᠲᠠ ᠶᠢᠨ ᠭᠤᠣᠯᠳᠠᠯᠭ᠎ᠠ ᠲᠠᠢ | ᠬᠦᠷᠢᠶᠡᠨ ᠳᠠᠬᠢ ᠬᠡᠷᠡᠭᠯᠡᠭᠡ ᠶᠢᠨ ᠬᠠᠩᠭᠠᠯᠭ᠎ᠠ ᠶᠢ ᠲᠦᠷᠭᠡᠨ ᠳᠡᠭᠡᠭᠰᠢᠯᠡᠭᠦᠯᠵᠦ᠂ ᠬᠡᠷᠡᠭᠯᠡᠭᠡ ᠶᠢᠨ ᠪᠠᠭᠲᠠᠭᠠᠮᠵᠢ ᠶᠢ | ᠦᠷᠭᠦᠯᠵᠢᠯᠡᠨ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ 1—10 ᠳ᠋ᠤᠭᠠᠷ ᠰᠠᠷ᠎ᠠ ᠳᠤ᠂ ᠪᠥᠬᠦ | ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 965.2 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠨ᠂ ᠲᠦᠷᠦᠭᠦᠸ | ᠭᠤᠷᠪᠠᠨ ᠤᠯᠠᠷᠢᠯ ᠤᠨ ᠬᠢ ᠠᠴᠠ 4 ᠵᠠᠭᠤᠨ ᠤ ᠨᠢᠭᠡᠴᠢ ᠲᠦᠷᠭᠡᠳᠪᠡ᠃ ᠤᠯᠠᠮᠵᠢᠯᠠᠯᠲᠤ ᠬᠡᠷᠡᠭᠯᠡᠭᠡ | ᠲᠣᠭᠲᠠᠭᠤᠨ ᠢᠶᠠᠷ ᠰᠡᠷᠭᠦᠪᠡ᠃ ᠠᠷᠠᠳ ᠲᠤ ᠠᠰᠢᠭ ᠬᠦᠷᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠠ ᠲᠣᠮᠣ | ᠬᠡᠯᠪᠡᠷᠢ ᠶᠢᠨ ᠬᠤᠳᠠᠯᠳᠤᠭᠠᠨ ᠤ ᠬᠡᠳᠦ ᠳᠡᠯᠭᠡᠭᠦᠷ ᠢ ᠨᠡᠶᠢᠭᠡᠮ ᠲᠣᠭᠤᠷᠢᠭ ᠲᠤ ᠣᠷᠣᠭᠤᠯᠬᠤ᠂ ᠣᠯᠠᠨ ᠤᠯᠤᠰ ᠤᠨ | ᠮᠠᠰᠢᠨ ᠲᠡᠷᠭᠡᠨ ᠤ ᠦᠵᠡᠭᠦᠯᠦᠯᠭᠡ ᠵᠡᠷᠭᠡ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠬᠡᠷᠡᠭᠯᠡᠭᠡᠨ ᠤ ᠳᠠᠯᠳᠠ | ᠬᠦᠴᠦᠨ ᠢ ᠦᠷᠭᠦᠯᠵᠢᠯᠡᠨ ᠠᠭᠤᠳᠠᠯᠵᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ 22 ᠶᠡᠭᠡ | ᠲᠥᠷᠥᠯ ᠤᠨ ᠪᠠᠷᠤᠭ 6 ᠬᠤᠪᠢ ᠨᠢ ᠨᠡᠮᠡᠭᠳᠡᠯ ᠲᠠᠢ ᠪᠣᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ | ᠪᠤᠳᠠᠭ᠎ᠠ ᠲᠣᠰᠣ ᠢᠳᠡᠭᠡᠨ ᠤ ᠵᠦᠢᠯ᠂ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠪᠠ ᠡᠳᠦᠷ | ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ | ᠬᠢ ᠠᠴᠠ ᠲᠣᠰ ᠲᠣᠰ 52.6%᠂ 13.4% ᠪᠠ 12.8% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠶᠢᠲᠡ 7.0 | ᠵᠠᠭᠤᠨ ᠤ ᠨᠢᠭᠡᠴᠢ ᠳᠡᠭᠡᠭᠰᠢ ᠲᠠᠲᠠᠪᠠ᠃ ᠰᠢᠨ᠎ᠡ ᠬᠡᠯᠪᠡᠷᠢ ᠶᠢᠨ ᠬᠡᠷᠡᠭᠯᠡᠭᠡ ᠶᠢ ᠲᠦᠷᠭᠡᠳᠬᠡᠨ ᠪᠣᠶᠢᠵᠢᠭᠤᠯᠪᠠ᠃ | ᠬᠤᠲᠠ ᠶᠢᠨ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠤᠯᠠᠳᠠ᠂ ᠰᠦᠯᠵᠢᠶᠡᠨ ᠳᠡᠭᠡᠷᠡᠬᠢ ᠪᠠᠷᠠᠭ᠎ᠠ | ᠬᠤᠳᠠᠯᠳᠤᠬᠤ ᠭᠤᠣᠯ ᠰᠡᠳᠦᠪᠲᠦ ᠨᠠᠶᠢᠷ ᠤᠨ ︽ᠣᠨᠴᠠ ᠬᠠᠷᠠᠭᠠᠯᠵᠠᠯ ᠤᠨ ᠠᠵᠢᠯᠯᠠᠭ᠎ᠠ ᠶᠢᠨ ᠬᠦᠷᠲᠡᠭᠡᠯ︾ ︽ᠲᠢᠺ | ᠲᠣᠺ ᠠᠮᠢᠳᠤᠷᠠᠯ ᠤᠨ ᠦᠢᠯᠡᠴᠢᠯᠡᠭᠡᠨ ᠤ ᠡᠵᠡᠩᠨᠡᠨ ᠪᠣᠷᠣᠯᠠᠭᠤᠯᠬᠤ ᠰᠣᠯᠢᠯᠴᠠᠭᠠᠨ ᠤ ᠴᠤᠭᠯᠠᠭᠠᠨ︾ ᠢ ᠡᠷᠭᠢᠯᠡᠬᠦ ᠪᠠᠷ | ᠳᠠᠮᠵᠢᠭᠤᠯᠤᠨ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ︽ᠣᠷᠣᠨ ᠰᠠᠭᠤᠴᠠ ᠶᠢᠨ ᠠᠵᠤ ᠠᠬᠤᠢ︾ ᠶᠢ ᠬᠥᠭᠵᠢᠭᠦᠯᠬᠦ ᠪᠠᠷ ᠳᠠᠮᠵᠢᠭᠤᠯᠤᠨ | ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠨᠡᠮᠡᠭᠳᠡᠯ ᠢ ᠳᠠᠶᠢᠴᠢᠯᠠᠨ᠂ ᠰᠦᠯᠵᠢᠶᠡᠨ ᠤ ᠪᠣᠷᠤᠯᠠᠭᠤᠯᠭ᠎ᠠ ᠶᠢ ᠢᠳᠡᠬᠦ | ᠂ ᠡᠮᠦᠰᠬᠦ᠂ ᠬᠡᠷᠡᠭᠯᠡᠬᠦ ᠵᠡᠷᠭᠡ ᠪᠣᠳᠠᠲᠤ ᠪᠣᠳᠠᠰ ᠤᠨ ᠬᠡᠷᠡᠭᠯᠡᠭᠡᠨ ᠤ ᠬᠦᠷᠢᠶᠡᠨ ᠠᠴᠠ ᠡᠮᠴᠢᠯᠡᠭᠡ᠂ ᠰᠤᠷᠭᠠᠨ ᠬᠥᠮᠦᠵᠢᠯ | ᠂ ᠰᠣᠶᠣᠯ ᠴᠡᠩᠭᠡᠯ᠂ ᠵᠢᠭᠤᠯᠴᠢᠯᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠡᠷᠭᠡ ᠦᠢᠯᠡᠴᠢᠯᠡᠭᠡᠨ ᠤ ᠬᠦᠷᠢᠶ᠎ᠡ | ᠲᠡᠶᠢᠰᠢ ᠥᠷᠭᠡᠳᠬᠡᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠰᠦᠯᠵᠢᠶᠡᠨ ᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ | ᠨᠡᠶᠢᠲᠡ 66.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 98.0% ᠨᠡᠮᠡᠭᠳᠡᠨ᠂ | ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12. | 5 ᠵᠠᠭᠤᠨ ᠤ ᠨᠢᠭᠡᠴᠢ ᠳᠡᠭᠡᠭᠰᠢᠯᠡᠵᠡᠢ᠃ ᠪᠣᠬᠢᠷᠲᠤᠯ ᠦᠭᠡᠢ ᠬᠡᠷᠡᠭᠯᠡᠭᠡ ᠶᠢᠨ ᠠᠮᠵᠢᠯᠲᠠ ᠲᠡᠭᠦᠰ ᠪᠣᠯᠪᠠ᠃ 1—10 | ᠳ᠋ᠤᠭᠠᠷ ᠰᠠᠷ᠎ᠠ ᠳᠤ᠂ ᠪᠥᠬᠦ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ | ᠲᠤᠭ᠎ᠠ 33.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2 ᠳᠠᠬᠢᠨ ᠨᠡᠮᠡᠭᠳᠡᠨ᠂ | ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢ 8.0 | ᠵᠠᠭᠤᠨ ᠤ ᠨᠢᠭᠡᠴᠢ ᠳᠡᠭᠡᠭᠰᠢ ᠲᠠᠲᠠᠵᠠᠢ᠃ | ᠠᠷᠠᠳ ᠤᠨ ᠠᠮᠢᠳᠤᠷᠠᠯ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠤᠨ | ᠲᠣᠭᠤᠷᠢᠨ ᠳᠤ᠂ ᠪᠦᠬᠦ ᠬᠤᠳᠠ ᠪᠠᠷ ᠢᠶᠠᠨ ᠪᠦᠲᠦᠮᠵᠢᠲᠡᠢ ᠪᠡᠯᠡ ᠣᠷᠣᠭᠤᠯᠤᠯᠲᠠ ᠶᠢ ᠣᠨᠣᠪᠴᠢᠲᠠᠢ ᠥᠷᠭᠡᠳᠬᠡᠵᠦ᠂ | ᠭᠤᠣᠯᠳᠠᠯᠭ᠎ᠠ ᠲᠠᠢ ᠲᠦᠷᠦᠯ ᠵᠦᠢᠯ ᠤᠨ ᠲᠠᠶᠢᠴᠢᠯᠠᠯ ᠢᠶᠠᠷ ᠨᠡᠮᠡᠭᠳᠡᠯ ᠢ ᠲᠦᠷᠭᠡᠳᠬᠡᠪᠡ᠃ 1—10 ᠳ᠋ᠤᠭᠠᠷ | ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 32.9% ᠪᠠᠷ ᠨᠡᠮᠡᠭᠳᠡᠵᠦ᠂ ᠲᠦᠷᠦᠭᠦᠸ ᠭᠤᠷᠪᠠᠨ ᠤᠯᠠᠷᠢᠯ ᠤᠨ ᠬᠢ ᠠᠴᠠ 0.4 ᠵᠠᠭᠤᠨ ᠤ ᠨᠢᠭᠡᠴᠢ | ᠲᠦᠷᠭᠡᠳᠪᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ | ᠂ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠵᠠᠮ ᠤᠨ ᠪᠠᠷᠢᠯᠭ᠎ᠠ ᠶᠢ ᠪᠦᠬᠦᠨ ᠢ ᠠᠵᠢᠯ ᠡᠬᠢᠯᠡᠭᠦᠯᠦᠨ᠂ | ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠠᠵᠢᠯ ᠢ ᠪᠦᠬᠦᠨ ᠢ ᠳᠠᠭᠤᠰᠬᠠᠵᠤ᠂ ᠭᠠᠵᠠᠷ ᠳᠡᠭᠡᠷᠡᠬᠢ ᠣᠯᠠᠨ | ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠶᠢ ᠪᠦᠯᠦᠭ ᠬᠤᠪᠢᠶᠠᠨ ᠪᠦᠲᠦᠭᠡᠨ ᠪᠠᠶᠢᠭᠤᠯᠵᠤ᠂ ᠴᠠᠬᠢᠯᠭᠠᠨ ᠬᠦᠴᠦᠨ ᠤ | ᠲᠣᠣᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠤᠷᠳᠤᠨ ᠤ ᠵᠠᠮ ᠤᠨ ᠵᠠᠯᠭᠠᠯᠲᠠ ᠶᠢᠨ ᠱᠤᠭᠤᠮ ᠢ ᠠᠯᠬᠤᠮ | ᠠᠯᠬᠤᠮ ᠢᠶᠠᠷ ᠨᠡᠪᠲᠡᠷᠡᠭᠦᠯᠪᠡ᠃ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠰᠠᠭᠤᠷᠢ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.8% ᠪᠠᠷ ᠨᠡᠮᠡᠭᠳᠡᠵᠦ᠂ ᠪᠥᠬᠦ ᠬᠤᠲᠠ ᠶᠢᠨ ᠪᠡᠯᠡ | ᠣᠷᠣᠭᠤᠯᠤᠯᠲᠠ ᠶᠢᠨ ᠨᠡᠮᠡᠭᠳᠡᠯ ᠢ 19.5 ᠵᠠᠭᠤᠨ ᠤ ᠨᠢᠭᠡᠴᠢ ᠪᠣᠯᠭᠠᠨ ᠳᠠᠶᠢᠴᠢᠯᠠᠵᠤ᠂ ᠪᠥᠬᠦ ᠬᠤᠲᠠ ᠶᠢᠨ ᠪᠡᠯᠡ | ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 6.0 | ᠵᠠᠭᠤᠨ ᠤ ᠨᠢᠭᠡᠴᠢ ᠳᠡᠭᠡᠭᠰᠢᠯᠡᠵᠡᠢ᠃ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ | ᠤᠷᠤᠭᠰᠢᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ | ᠡᠮᠨᠡᠯᠭᠡ ᠶᠢᠨ ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ᠂ ᠬᠤᠲᠠ ᠶᠢᠨ ᠬᠤᠶᠠᠳᠤᠭᠠᠷ ᠡᠮᠨᠡᠯᠭᠡ ᠶᠢᠨ | ᠬᠤᠷᠢᠶ᠎ᠠ ᠶᠢ ᠨᠡᠭᠦᠯᠭᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠬᠥᠬᠡᠬᠤᠲᠠ ᠶᠢᠨ ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ | ᠵᠦᠢᠯ ᠢ ᠴᠠᠭ ᠲᠤᠬᠠᠢ ᠳᠤᠨᠢ ᠲᠦᠯᠬᠢᠨ ᠠᠬᠢᠭᠤᠯᠵᠤ᠂ 1—10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠡᠷᠡᠭᠦᠯ | ᠬᠠᠮᠠᠭᠠᠯᠠᠯ ᠤᠨ ᠠᠵᠢᠯ ᠲᠥᠷᠥᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 86.2% ᠢᠶᠠᠷ ᠨᠡᠮᠡᠭᠳᠡᠪᠡ᠃ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ | ᠳᠡᠭᠡᠭᠰᠢᠯᠡᠪᠡ᠃ ︽ᠠᠷᠪᠠᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ᠂ ᠨᠠᠢᠮᠠᠨ ᠰᠠᠷ᠎ᠠ ᠶᠢᠨ ᠲᠡᠷᠭᠡᠯ ᠪᠠᠶᠠᠷ | ᠤᠯᠤᠰ ᠤᠨ ᠪᠠᠶᠠᠷ ᠤᠨ ᠳ᠋ᠧᠩ ᠤᠨ ᠭᠡᠷᠡᠯ ᠤᠨ ᠦᠵᠡᠰᠬᠦᠯᠡᠩ᠂ ᠶᠡᠭᠡ ᠵᠤᠤ ᠲᠠᠯᠠᠪᠠᠢ ᠶᠢᠨ ᠵᠤᠤ ᠵᠢᠶᠦ᠋ᠨ ᠤ ᠡᠪᠰᠡᠯ | ᠤᠷᠤᠭ ᠢ ᠵᠡᠭᠡᠯᠢ ᠳᠡᠭᠡᠷ᠎ᠡ ᠪᠣᠳᠠᠲᠤ ᠠᠬᠤᠶᠢᠴᠢᠯᠠᠭᠰᠠᠨ ᠲᠣᠭᠯᠠᠯᠲᠠ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠦᠬᠦ | ᠬᠤᠳᠠ ᠳᠤ ᠤᠯᠤᠰ ᠤᠨ ᠳᠣᠲᠣᠭᠠᠳᠤ ᠶᠢᠨ ᠵᠢᠭᠤᠯᠴᠢᠳ ᠢ ᠨᠡᠶᠢᠲᠡ 366.3 ᠲᠦᠮᠡᠨ ᠬᠥᠮᠥᠨ ᠤᠳᠠᠭ᠎ᠠ ᠬᠦᠯᠢᠶᠡᠨ | ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.3 ᠲᠠᠬᠢᠨ ᠪᠣᠯᠵᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠯ ᠤᠨ ᠣᠷᠣᠯᠭ᠎ᠠ 26.1 ᠳ᠋ᠦᠩᠰᠢᠭᠤᠷ ᠲᠥᠭᠦᠷᠢᠭ ᠬᠦᠷᠴᠦ᠂ ᠣᠷᠣᠨ ᠤ ᠲᠥᠪ ᠤᠨ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠣᠳᠣᠬᠠᠨ ᠳᠤ ᠮᠠᠨ ᠤ ᠬᠤᠲᠠ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ | ᠦᠷᠭᠦᠯᠵᠢᠯᠡᠨ ᠯᠠᠪᠳᠠᠭᠤᠨ ᠪᠠᠲᠤᠲᠠᠢ ᠠᠳᠬᠤᠵᠤ᠂ ᠬᠥᠳᠡᠯᠭᠡᠭᠴᠢ ᠡᠨᠧᠷᠭᠢ ᠶᠢ ᠴᠢᠩᠭᠠᠷᠠᠭᠤᠯᠤᠨ᠂ ᠵᠢᠱᠢᠯᠲᠡ ᠶᠢ | ᠲᠣᠭᠲᠠᠪᠤᠷᠢᠵᠢᠭᠤᠯᠵᠤ᠂ ᠣᠨ ᠤ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠬᠤᠷᠠᠮᠳᠤᠭᠤᠯᠵᠤ ᠪᠠᠶᠢᠨ᠎ᠠ᠃ | |