ᠮᠠᠨ ᠤ ᠣᠷᠣᠨ ᠳᠤ 8.3 ᠲᠦᠮᠡ ᠰᠢᠬᠠᠮ ᠰᠢᠨ᠎ᠡ ᠡᠨᠧᠷᠭᠢ ᠶᠢᠨ ᠮᠠᠰᠢᠨ ᠲᠡᠷᠭᠡ ᠲᠠᠢ ᠪᠣᠯᠪᠠ
ᠨᠡᠶᠢᠲᠡᠯᠡᠭᠰᠡᠨ ᠴᠠᠭ᠄
2023/11/23
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ 2016 ᠣᠨ ᠠᠴᠠ ᠰᠢᠨ᠎ᠡ ᠡᠨᠧᠷᠭᠢ ᠶᠢᠨ ᠮᠠᠰᠢᠨ ᠲᠡᠷᠭᠡ  ᠶᠢᠨ ᠬᠡᠷᠡᠭᠯᠡᠭᠡ ᠶᠢ ᠢᠳᠡᠪᠬᠢᠲᠡᠢ ᠠᠬᠢᠭᠤᠯᠤᠭᠰᠠᠨ ᠢᠶᠠᠷ ᠤᠳᠤ ᠪᠦᠭᠦ ᠣᠷᠣᠨ ᠳᠤ ᠨᠡᠶᠢᠳᠡ 82998 ᠰᠢᠨ᠎ᠡ ᠡᠨᠧᠷᠭᠢ ᠶᠢᠨ ᠮᠠᠰᠢᠨ ᠲᠡᠷᠭᠡ ᠲᠠᠢ ᠪᠣᠯᠪᠠ᠃ ᠡᠳᠡᠭᠡᠷ ᠰᠢᠨ᠎ᠡ ᠡᠨᠧᠷᠭᠢ ᠶᠢᠨ ᠮᠠᠰᠢᠨ ᠲᠡᠷᠭᠡ ᠨᠦᠭᠦᠳ ᠨᠡᠶᠢᠲᠡ 27.19 ᠳ᠋ᠦᠩᠰᠢᠭᠤᠷ ᠺᠢᠯᠣᠮᠧᠲᠷ ᠠᠶᠠᠯᠠᠨ᠂ 11.37 ᠳ᠋ᠦᠩᠰᠢᠭᠤᠷ ᠭᠷᠡᠳᠦ᠋ᠰ ᠴᠠᠭᠢᠯᠭᠠᠨ ᠴᠡᠨᠡᠭᠯᠡᠵᠦ᠂ 3.16 ᠳ᠋ᠦᠩᠰᠢᠭᠤᠷ ᠯᠢᠲᠷ ᠰᠢᠲᠠᠮᠠᠬᠠᠢ ᠲᠣᠰᠣ ᠶᠢ ᠣᠷᠣᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 145.1 ᠲᠦᠮᠡᠨ ᠲᠣᠨ ᠪᠠᠭᠠᠰᠬᠠᠪᠠ᠃      ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠭᠵᠢᠭᠦᠯᠬᠦ ᠪᠣᠯ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠳᠤ  ᠮᠠᠨ ᠤ ᠣᠷᠣᠨ ︽ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠠᠯᠢ ᠤᠯᠠᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ᠂ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠪᠦᠷᠢᠳᠬᠡᠯ ᠢᠶᠠᠷ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠢᠶᠠᠷ ᠢᠶᠠᠨ ᠨᠡᠶᠢᠳᠡ 27850 ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠡᠷᠡᠭᠯᠡᠭᠡᠨ  ᠳᠤ ᠣᠷᠣᠭᠤᠯᠵᠤ᠂ ᠨᠢᠳᠤᠨᠤᠨ ᠤ ᠬᠢ ᠠᠴᠠ 27.9% ᠪᠠᠷ ᠨᠡᠮᠡᠭᠳᠡᠭᠰᠡᠨ ᠪᠠᠶᠢᠨ᠎ᠠ᠃      ᠡᠨᠡ ᠵᠢᠯ ᠤᠨ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠠᠰᠠ ᠬᠤᠲᠠ ᠪᠠᠯᠭᠠᠰᠤ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ  ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠲᠠ ᠪᠠᠯᠭᠠᠰᠤ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠡᠭᠦᠨ ᠳᠤ 2025 ᠣᠨ ᠪᠤᠯᠬᠤ ᠳᠤ᠂ ᠪᠦᠭᠦ ᠣᠷᠣᠨ ᠤ ᠪᠠᠷᠢᠮᠵᠢᠶᠠᠵᠢᠭᠰᠠᠨ ᠣᠯᠠᠨ ᠨᠡᠶᠢᠲᠡ ᠶᠢᠨ ᠴᠠᠭᠢᠯᠭᠠᠨ ᠴᠡᠨᠡᠭᠯᠡᠬᠦ ᠱᠣᠩ ᠬᠢᠭᠡᠳ ᠪᠠᠷᠢᠮᠵᠢᠶᠠᠵᠢᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡᠨ  ᠤ ᠬᠠᠷᠢᠴᠠᠯ ᠢ 1᠄ 3 ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠳᠤᠷᠠᠳᠴᠠᠢ᠃ ᠭᠦᠭᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠶᠢ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢ ᠲᠦᠷᠭᠡᠨ ᠬᠥᠭᠵᠢᠭᠦᠯᠬᠦ ᠣᠷᠣᠨ ᠢᠶᠠᠷ ᠵᠢᠭᠰᠠᠭᠠᠵᠤ᠂ ᠡᠨᠡ ᠵᠢᠯ 2 ᠲᠦᠮᠡᠨ ᠴᠠᠭᠢᠯᠭᠠᠨ ᠴᠡᠨᠡᠭᠯᠡᠬᠦ ᠱᠣᠩ ᠪᠠᠶᠢᠭᠤᠯᠬᠤ ᠡᠭᠦᠷᠭᠡ  ᠶᠢ ᠪᠡᠶᠡᠯᠡᠭᠦᠯᠬᠦ ᠪᠣᠯᠣᠨ᠎ᠠ᠃ ᠡᠭᠦᠨ ᠳᠤ ᠭᠦᠭᠡᠬᠤᠲᠠ ᠳᠤ 8000᠂ ᠪᠤᠭᠤᠲᠤ ᠬᠤᠲᠠ ᠪᠠ ᠣᠷᠳᠣᠰ ᠬᠤᠲᠠ ᠳᠤ ᠲᠤᠰ ᠪᠦᠷᠢ 5000᠂ ᠤᠯᠠᠭᠠᠨᠬᠠᠳᠠ ᠬᠤᠲᠠ ᠳᠤ 2000 ᠶᠢ ᠪᠠᠶᠢᠭᠤᠯᠬᠤ ᠪᠠᠷ ᠪᠤᠶ᠃ ᠪᠤᠰᠤᠳ ᠠᠶᠢᠮᠠᠭ ᠬᠤᠲᠠ  ᠳᠤ︽ᠵᠣᠬᠢᠰᠲᠠᠢ ᠪᠠᠷ ᠤᠷᠢᠳᠴᠢᠯᠠᠭᠤᠯᠬᠤ᠂ ᠲᠡᠩᠴᠡᠭᠦᠷᠢᠲᠡᠢ ᠪᠠᠶᠢᠷᠢᠰᠢᠭᠤᠯᠬᠤ᠂ ᠣᠶᠤᠨᠴᠢ ᠪᠥᠭᠡᠳ ᠥᠨᠳᠥᠷ ᠪᠦᠲᠦᠮᠵᠢᠲᠡᠶ ᠪᠠᠶᠢᠯᠭᠠᠬᠤ︾ᠵᠠᠷᠴᠢᠮ ᠶᠣᠰᠣᠭᠠᠷ ᠡᠮᠬᠢ ᠵᠢᠷᠤᠮ ᠲᠠᠢ ᠠᠬᠢᠭᠤᠯᠬᠤ ᠪᠣᠯᠣᠨ᠎ᠠ᠃      ᠮᠠᠨ ᠤ ᠣᠷᠣᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾   ᠤᠨ ᠲᠥᠯᠦᠪᠵᠢᠭᠦᠯᠭᠡ ᠶᠣᠰᠣᠭᠠᠷ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ ᠪᠣᠯᠣᠨ ᠦᠬᠠᠢ ᠬᠤᠲᠠ ᠪᠠᠷ ᠭᠤᠣᠯᠳᠠᠯᠭ᠎ᠠ ᠪᠣᠯᠭᠠᠨ᠂ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠲᠥᠪᠯᠡᠷᠡᠭᠦᠯᠦᠨ ᠪᠠᠶᠢᠷᠢᠰᠢᠭᠤᠯᠵᠤ᠂ ᠬᠥᠳᠡᠯᠭᠡᠬᠦ ᠬᠦᠴᠦᠨ ᠤ ᠴᠡᠨᠡᠭ᠂ ᠴᠠᠭᠢᠯᠭᠠᠨ ᠮᠠᠰᠢᠨ᠂ ᠴᠠᠭᠢᠯᠭᠠᠨ ᠡᠵᠡᠮᠳᠡᠬᠦ ᠰᠢᠰᠲ᠋ᠧᠮ᠂ ᠬᠥᠳᠡᠯᠭᠡᠬᠦ ᠬᠦᠴᠦᠨ ᠤ ᠲᠤᠨᠤᠭ᠂ ᠢᠵᠢ ᠪᠦᠷᠢᠳᠦᠭᠦᠯᠬᠦ ᠰᠡᠯᠪᠢᠭ ᠲᠣᠨᠤᠭ ᠵᠢᠴᠢ ᠮᠠᠰᠢᠨ ᠲᠡᠷᠭᠡ ᠶᠢ ᠰᠤᠳᠤᠯᠤᠨ ᠦᠢᠯᠡᠳᠬᠦ ᠶᠢ ᠬᠠᠮᠤᠷᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠭᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ ᠪᠤᠢ᠃ ᠲᠥᠯᠥᠪᠯᠡᠭᠰᠡᠨ ᠢᠶᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠤᠯᠬᠤ ᠳᠤ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠤᠨ ᠴᠢᠳᠠᠪᠤᠷᠢ 10 ᠲᠦᠮᠡ ᠳᠤ ᠬᠦᠷᠴᠦ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠯᠲᠠ ᠶᠢᠨ ᠨᠣᠷᠮ᠎ᠠ 50% ᠶᠢ ᠳᠠᠪᠠᠨ᠂ ᠦᠢᠯᠡᠳᠬᠦᠨ ᠤ ᠥᠷᠲᠡᠭ ᠨᠢ 1000 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号