ᠰᠢᠶᠠᠨ ᠤ ᠵᠡᠮᠳᠡᠭᠴᠦᠳ ᠤᠨ ᠬᠤᠯᠪᠣᠭ᠎ᠠ ︽ᠬᠠᠶᠢᠷ᠎ᠠ ᠲᠤᠭᠲᠠᠭᠰᠠᠨ ᠬᠤᠷᠢᠨᠭᠡᠷ︾ ᠠᠷᠠᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/29
     2023 ᠣᠨ ᠤ 12 ᠰᠠᠷ᠎ᠠ ᠶᠢᠨ 3 ᠤ ᠡᠳᠦᠷ ᠪᠣᠯ 32 ᠳ᠋ᠤᠭᠠᠷ ᠳᠡᠯᠡᠬᠡᠢ ᠶᠢᠨ ᠵᠡᠮᠳᠡᠭᠴᠦᠳ ᠢ ᠲᠤᠰᠠᠯᠠᠬᠤ ᠡᠳᠦᠷ ᠪᠣᠯᠤᠨ᠎ᠠ᠂ ᠡᠨᠡ ᠵᠢᠯ ᠤᠨ ᠭᠤᠣᠯ ᠰᠡᠳᠦᠪ ᠪᠣᠯ ︽ᠪᠢᠳᠠ ᠨᠢᠭᠡᠳᠦᠯᠲᠡᠢ ᠬᠥᠳᠡᠯᠦᠯᠴᠡᠵᠦ᠂ ᠵᠡᠮᠳᠡᠭᠴᠦᠳ ᠤᠨ ᠲᠥᠯᠥᠭᠡ᠂ ᠭᠠᠷ ᠬᠤᠯᠪᠣᠯᠴᠠᠬᠤ ᠶᠢᠨ ᠬᠠᠮᠲᠤ ᠵᠡᠮᠳᠡᠭᠴᠦᠳ ᠲᠤ ᠲᠦᠰᠢᠭᠯᠡᠨ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠦᠶ᠎ᠡ︾᠃ 11 ᠰᠠᠷ᠎ᠠ ᠶᠢᠨ 28 ᠤ ᠡᠳᠦᠷ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠪᠥᠬᠦ ᠺᠠᠳ᠋ᠷ ᠠᠵᠢᠯᠲᠠᠨ ᠠᠵᠢᠯᠴᠢᠨ ᠵᠢᠴᠢ ᠡᠯ᠎ᠡ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯᠲᠤ ᠭᠡᠰᠢᠭᠦᠳ ᠢ ᠵᠣᠬᠢᠶᠠᠨ ᠪᠠᠶᠢᠭᠤᠯᠵᠤ ᠱᠧᠩ ᠯᠧ ᠲᠠᠯᠠᠪᠠᠶ ᠳᠤ ︽ᠬᠠᠶᠢᠷ᠎ᠠ ᠲᠤᠭᠲᠠᠭᠰᠠᠨ ᠬᠤᠷᠢᠨᠭᠡᠷ︾ ᠠᠷᠠᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ︽ᠢᠯᠡ ᠺᠠᠷᠲ︾᠂ ᠵᠡᠮᠳᠡᠭ ᠪᠣᠯᠬᠤ ᠶᠢ ᠰᠡᠷᠭᠡᠶᠢᠯᠡᠬᠦ ᠮᠡᠳᠡᠯᠭᠡ ᠶᠢᠨ ᠭᠠᠷ ᠳᠡᠪᠲᠡᠷ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠪᠤᠷᠢ ᠶᠢᠨ ᠬᠠᠤᠯᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 2500 ᠬᠤᠪᠢ ᠲᠠᠷᠬᠠᠭᠠᠬᠤ ᠶᠢᠨ ᠬᠠᠮᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠪᠤᠷᠢ ᠶᠢᠨ ᠬᠠᠤᠯᠢ︾ ᠵᠡᠷᠭᠡ ᠲᠠᠭᠤᠨ ᠤ ᠳᠠᠪᠲᠠᠮᠵᠢ ᠶᠢ ᠨᠡᠪᠲᠡᠷᠡᠭᠦᠯᠵᠡᠢ᠃ ᠡᠭᠦᠨ ᠤ ᠳᠠᠷᠠᠭ᠎ᠠ᠂ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠠᠵᠢᠯᠲᠠᠨ ᠪᠣᠯᠤᠨ ᠴᠧᠩ ᠭᠤᠸᠠᠨ ᠪᠠᠯᠭᠠᠰᠤᠨ ᠤ ᠤᠳᠤᠷᠢᠳᠬᠤ ᠺᠠᠳ᠋ᠷ ᠬᠠᠷᠢᠶ᠎ᠠ ᠣᠷᠣᠨ ᠤ ᠪᠠᠨ 100 ᠡᠷᠦᠬᠡ ᠬᠦᠴᠢᠷᠳᠡᠯ ᠲᠠᠢ ᠵᠡᠮᠳᠡᠭᠴᠦᠳ ᠤᠨ ᠬᠡᠷ ᠪᠦᠯᠢ ᠳᠤ ᠠᠮᠤ ᠪᠤᠳᠠᠭ᠎ᠠ᠂ ᠦᠨᠳᠦᠰᠦᠨ ᠠᠮᠢᠳᠤᠷᠠᠯ ᠤᠨ ᠡᠳ᠋ ᠪᠣᠳᠠᠰ ᠢ ᠲᠣᠰ ᠲᠣᠰ ᠨᠢᠭᠡ ᠬᠤᠪᠢ ᠦᠨ᠎ᠡ ᠲᠥᠯᠥᠪᠦᠷᠢ ᠥᠬᠡᠶ ᠪᠠᠷ ᠲᠦᠭᠡᠭᠡᠨ ᠥᠭᠭᠦᠭᠰᠡᠨ ᠪᠥᠭᠡᠳ 39 ᠡᠷᠦᠬᠡ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠴᠡᠭᠡ ᠲᠠᠢ ᠬᠥᠮᠦᠰ ᠲᠤ ᠲᠤᠰᠠᠯᠠᠬᠤ ᠪᠠᠭᠠᠵᠢ ᠬᠡᠷᠡᠭᠰᠡᠯ ᠢ ᠲᠦᠭᠡᠭᠡᠨ ᠥᠭᠴᠡᠶ᠂ ᠡᠭᠦᠨ ᠳᠤ ᠬᠦᠷᠳᠦᠲᠦ ᠰᠠᠨᠳᠠᠯᠢ᠂ ᠰᠠᠭᠤᠳᠠᠯ ᠤᠨ ᠰᠠᠨᠳᠠᠯᠢ᠂ ᠲᠠᠶᠠᠭ ᠵᠡᠷᠭᠡ ᠪᠠᠭᠲᠠᠨ᠎ᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠭᠤᠤᠯ ᠰᠡᠳᠦᠪᠲᠦ ᠬᠥᠮᠦᠵᠢᠯ ᠢ ᠡᠯ᠎ᠡ ᠵᠦᠢᠯ ᠤᠨ ᠵᠡᠮᠳᠡᠭᠴᠦᠳ ᠤᠨ ᠠᠵᠢᠯ ᠦᠢᠯᠡᠰ ᠲᠤ ᠠᠭᠤᠰᠬᠠᠨ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ︽ᠠᠷᠠᠳ ᠲᠦᠮᠡᠨ ᠳᠤ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠬᠦ︾ ᠶᠢ ᠪᠡᠶᠡᠯᠡᠭᠦᠯᠵᠦ ᠂ ᠵᠡᠮᠳᠡᠭᠴᠦᠳ ᠤᠨ ᠪᠣᠳᠠᠲᠠᠶ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠭᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号