ᠬᠤᠷᠢᠨᠭᠡᠷ ᠰᠢᠶᠠᠨ ᠤ ᠬᠠᠤᠯᠢ ᠠᠴᠠ ᠵᠥᠷᠢᠴᠡᠭᠰᠡᠨ ᠭᠠᠵᠠᠷ ᠰᠢᠷᠣᠶ ᠶᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/29
    11 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠢᠨᠭᠡᠷ ᠰᠢᠶᠠᠨ ᠤ ᠬᠠᠤᠯᠢ ᠶᠢ ᠵᠥᠷᠢᠴᠡᠭᠰᠡᠨ ᠭᠠᠵᠠᠷ ᠰᠢᠷᠣᠶ ᠶᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠮᠢᠶ᠎ᠠ ᠪᠥᠬᠦᠶ ᠤᠴᠢᠷ ᠶᠠᠪᠤᠳᠠᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠪᠥᠬᠦ ᠬᠤᠲᠠ ᠶᠢᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠵᠦ᠂ ᠪᠥᠬᠦ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠳᠠᠯ ᠢ ᠲᠣᠳᠣᠷᠬᠠᠶ ᠲᠠᠨᠢᠵᠤ᠂ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠵᠢᠷᠤᠮ ᠢ ᠲᠠᠰᠤᠷᠠᠯᠲᠠ ᠥᠬᠡᠶ ᠵᠢᠷᠤᠮᠵᠢᠭᠤᠯᠤᠨ᠂ ᠮᠠᠨ ᠤ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号