ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠲᠢᠶᠠᠨ ᠶᠢᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠦᠨᠳᠦ ᠶᠢᠨ ᠬᠦᠴᠦᠨ ᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠬᠢᠪᠠ
ᠨᠡᠶᠢᠲᠡᠯᠡᠭᠰᠡᠨ ᠴᠠᠭ᠄
2023/11/29
     11 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠪᠣᠯᠤᠨ ᠳᠤᠮᠳᠠᠳᠤ ᠤᠯᠤᠰ ᠤᠨ ᠲᠢᠶᠠᠨ ᠢᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠬᠤᠸᠠ ᠬᠠᠶ ᠶᠠᠨ ᠨᠠᠷ ᠲᠥᠷᠥᠯ ᠵᠦᠢᠯ ᠢ ᠵᠣᠯᠭᠠᠭᠤᠯᠬᠤ ᠬᠡᠯᠡᠯᠴᠡᠭᠡᠷ ᠬᠢᠵᠦ᠂ ᠬᠦᠨᠳᠦ ᠶᠢᠨ ᠬᠦᠴᠦᠨ ᠤ ᠡᠨᠧᠷᠭᠢ ᠬᠠᠳᠠᠭᠠᠯᠠᠬᠤ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠭᠰᠠᠨ ᠪᠥᠭᠡᠳ ᠲᠥᠷᠥᠯ ᠵᠦᠢᠯ ᠤᠨ ᠬᠡᠷᠡᠭᠯᠡᠬᠦ ᠭᠠᠵᠠᠷ᠂ ᠪᠠᠯᠠ ᠣᠷᠣᠭᠤᠯᠤᠯᠲᠠ ᠶᠢᠨ ᠬᠡᠷᠡᠭᠴᠡᠭᠡ ᠵᠡᠷᠭᠡ ᠲᠥᠷᠥᠯ ᠵᠦᠢᠯ ᠤᠨ ᠤᠴᠢᠷ ᠶᠠᠪᠤᠳᠠᠯ ᠤᠨ ᠲᠤᠬᠠᠶ ᠭᠦᠨᠵᠡᠭᠡᠶ ᠵᠣᠯᠭᠠᠭᠤᠯᠪᠠ᠃ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃      ᠭᠤᠤ ᠹᠧᠩ ᠬᠤᠸᠠ ᠬᠠᠶ ᠶᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠬᠤᠷᠢᠨᠭᠡᠷ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠭᠤᠤ ᠹᠧᠩ ᠬᠡᠯᠡᠬᠦ ᠳᠡᠭᠡᠨ᠂ ᠬᠦᠨᠳᠦ ᠶᠢᠨ ᠬᠦᠴᠦᠨ ᠤ ᠡᠨᠧᠷᠭᠢ ᠬᠠᠳᠠᠭᠠᠯᠠᠬᠤ ᠨᠢ ᠨᠢᠭᠡ ᠵᠦᠢᠯ ᠤᠨ ᠰᠢᠨ᠎ᠡ ᠪᠠᠷ ᠬᠥᠭᠵᠢᠭᠰᠡᠨ ᠡᠨᠧᠷᠭᠢ ᠬᠠᠳᠠᠭᠠᠯᠠᠬᠤ ᠮᠡᠷᠭᠡᠵᠢᠯ ᠪᠣᠯᠤᠭᠰᠠᠨ ᠤ ᠬᠤᠪᠢ ᠳᠤ᠂ ᠥᠨᠳᠥᠷ ᠪᠦᠲᠦᠮᠵᠢᠲᠡᠶ᠂ ᠣᠷᠴᠢᠨ ᠠᠬᠤᠶ ᠶᠢ ᠬᠠᠮᠠᠭᠠᠯᠠᠬᠤ᠂ ᠨᠠᠶᠢᠳᠠᠪᠤᠷᠢᠲᠠᠶ ᠳᠠᠪᠠᠭᠤᠯᠢᠭ ᠲᠠᠯ᠎ᠠ ᠲᠠᠢ ᠶᠤᠮ᠂ ᠬᠦᠨᠳᠦ ᠶᠢᠨ ᠬᠦᠴᠦᠨ ᠤ ᠡᠨᠧᠷᠭᠢ ᠬᠠᠳᠠᠭᠠᠯᠠᠬᠤ ᠶᠢ ᠬᠥᠭᠵᠢᠭᠦᠯᠬᠦ ᠨᠢ ᠣᠷᠣᠨ ᠤ ᠲᠥᠪ ᠤᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠲᠠᠬᠢ ᠴᠡᠪᠡᠷ ᠡᠨᠧᠷᠭᠢ ᠲᠠᠢ ᠨᠡᠶᠢᠴᠡᠵᠦ ᠪᠠᠶᠢᠬᠤ ᠪᠥᠭᠡᠳ ᠬᠤᠲᠠ ᠶᠢᠨ ᠨᠠᠮ ᠤᠨ ᠬᠤᠷᠢᠶ᠎ᠠ ᠠᠴᠠ ᠮᠠᠨ ᠤ ᠰᠢᠶᠠᠨ ᠳᠤ ᠣᠯᠭᠤᠭᠰᠠᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠴᠤ ᠨᠡᠶᠢᠴᠡᠵᠦ ᠪᠠᠶᠢᠨ᠎ᠠ ᠭᠡᠵᠡᠶ᠃      ᠭᠤᠤ ᠹᠧᠩ ᠢᠯᠡᠷᠬᠡᠶᠢᠯᠡᠬᠦ ᠳᠡᠭᠡᠨ᠂ ᠬᠤᠷᠢᠨᠭᠡᠷ ᠰᠢᠶᠠᠨ ᠤ ᠬᠢᠨ ᠳᠤᠮᠳᠠᠳᠤ ᠤᠯᠤᠰ ᠤᠨ ᠲᠢᠶᠠᠨ ᠢᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠣᠯᠠᠨ ᠲᠠᠯ᠎ᠠ ᠶᠢᠨ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠰᠢᠶᠠᠨ ᠲᠠᠢ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ᠂ ᠬᠠᠮᠲᠤᠷᠠᠯᠴᠠᠭᠠᠨ ᠤ ᠲᠥᠷᠥᠯ ᠵᠦᠢᠯ᠂ ᠬᠠᠮᠲᠤᠷᠠᠯᠴᠠᠭᠠᠨ ᠤ ᠵᠠᠭᠪᠤᠷ ᠤᠨ ᠲᠠᠯ᠎ᠠ ᠪᠠᠷ ᠰᠠᠨᠠᠯ ᠨᠢᠭᠡᠳᠴᠦ᠂ ᠨᠠᠩ ᠣᠯᠠᠨ ᠬᠠᠮᠲᠤᠷᠠᠯᠴᠠᠭᠠᠨ ᠤ ᠪᠣᠯᠤᠮᠵᠢ ᠶᠢ ᠰᠦᠪᠡᠭᠴᠢᠯᠡᠨ ᠡᠭᠦᠳᠴᠦ᠂ ᠡᠭᠦᠨ ᠤ ᠤᠯᠠᠮ ᠠᠴᠠ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠮᠠᠨ ᠤ ᠰᠢᠶᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠲᠦᠷᠦᠯ ᠵᠦᠢᠯ ᠢ ᠵᠣᠯᠭᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠶᠠᠷ ᠲᠠᠯ᠎ᠠ ᠪᠠᠷ ᠢᠶᠠᠨ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号