| | | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠨ᠂ ᠠᠷᠭ᠎ᠠ | ᠬᠡᠮᠵᠢᠶ᠎ᠡ ᠪᠠᠨ ᠰᠤᠳᠤᠯᠵᠤ᠂ ᠬᠦᠷᠦᠯᠴᠡᠬᠦ ᠥᠬᠡᠶ ᠲᠠᠯ᠎ᠠ ᠪᠠ ᠵᠥᠷᠢᠶ᠎ᠡ ᠪᠠᠨ ᠡᠷᠢᠬᠦ ᠶᠢᠨ ᠲᠤᠰᠠᠳᠠ᠂ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠠᠬᠢᠨ ᠴᠢᠬᠤᠯᠠᠴᠢᠯᠠᠵᠤ᠂ ᠳᠠᠬᠢᠨ | ᠪᠠᠶᠢᠷᠢᠯᠠᠭᠤᠯᠵᠤ᠂ ᠳᠠᠬᠢᠨ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ 11 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ | ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠤᠸᠠᠢ ᠹᠦ᠋ ᠨᠡᠶᠢᠭᠡᠮ | ᠲᠣᠭᠤᠷᠢᠭ ᠤᠨ ᠳᠠᠭᠠᠭᠠᠴᠢᠯᠠᠨ ᠬᠤᠯᠪᠤᠭᠠᠯᠠᠭᠰᠠᠨ ᠳᠤᠭᠤᠶᠢᠯᠠᠩ ᠤᠨ ᠳᠠᠷᠤᠭ᠎ᠠ ᠪᠥᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ | ᠳᠠᠭᠠᠭᠠᠴᠢᠯᠠᠯᠲᠠ ᠶᠢᠨ ᠨᠢᠭᠡᠴᠡ᠂ ᠪᠣᠯᠪᠠᠰᠣᠨ ᠬᠤᠲᠠ ᠪᠠᠶᠢᠭᠤᠯᠬᠤ ᠠᠵᠢᠯ ᠤᠨ ᠠᠯᠪᠠᠨ ᠬᠡᠷ᠂ ᠨᠡᠶᠢᠭᠡᠮ | ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ 10 ᠰᠠᠷ᠎ᠠ ᠶᠢᠨ ᠰᠢᠯᠭᠠᠨ ᠲᠣᠭᠲᠠᠭᠠᠭᠰᠠᠨ ᠬᠢᠷᠢ ᠪᠦᠲᠦᠮᠵᠢ ᠵᠢᠴᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠨ ᠮᠡᠳᠡᠭᠳᠡᠪᠡ᠃ ᠵᠢᠭᠠᠵᠤ ᠭᠠᠷᠭᠠᠭᠰᠠᠨ ᠨᠢ᠂ ᠣᠳᠣᠬᠠᠨ ᠤ ᠡᠭᠦᠳᠦᠨ | ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠳᠠᠭᠠᠭᠠᠴᠢᠯᠠᠨ | ᠬᠤᠯᠪᠣᠭᠠᠯᠠᠬᠤ ᠨᠢᠭᠡᠴᠢ ᠨᠦᠭᠦᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠯᠪᠠᠰᠤᠨᠬᠤᠲᠠ | ᠪᠠᠶᠢᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠤᠨ᠂ ᠠᠰᠠᠭᠤᠳᠠᠯ ᠢ ᠦᠨᠡᠨ ᠬᠦ | ᠡᠮᠦᠨ᠎ᠡ ᠨᠢ ᠰᠢᠢᠳᠪᠦᠷᠢᠯᠡᠵᠦ᠂ ᠠᠵᠢᠯ ᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠲᠣᠭᠲᠠᠭᠠᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠭᠲᠠᠭᠠᠨ᠂ ᠡᠭᠦᠳᠦᠨ | ᠪᠠᠶᠢᠭᠤᠯᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ᠂ ᠡᠯ᠎ᠡ ᠳᠠᠭᠠᠭᠠᠴᠢᠯᠠᠯᠲᠠ ᠶᠢᠨ ᠨᠢᠭᠡᠴᠢ ᠶᠢᠨ ᠬᠢᠨ ᠪᠠᠶᠢᠯᠳᠤᠭᠠᠨ ᠤ ᠡᠮᠦᠨᠡᠬᠢ ᠪᠠᠶᠢᠳᠠᠯ ᠢᠶᠠᠨ | ᠢᠮᠠᠭᠲᠠ ᠪᠠᠲᠤᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ︽ᠰᠢᠪᠲᠤᠯᠤᠯᠲᠠ ᠶᠢᠨ ᠳᠠᠶᠢᠯᠠᠯᠳᠤᠭᠠᠨ︾ ᠢ | ᠰᠠᠶᠢᠲᠤᠷ ᠬᠢᠵᠦ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠤᠯᠠᠨ ᠲᠦᠮᠡᠨ ᠢ ᠥᠷᠭᠡᠨ ᠢᠶᠠᠷ | ᠲᠠᠶᠢᠴᠢᠯᠠᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠪᠣᠯᠪᠠᠰᠤᠨ ᠬᠤᠳᠠ ᠶᠢ ᠪᠠᠶᠢᠭᠤᠯᠬᠤ ᠠᠵᠢᠯ ᠢ | ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ | ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠬᠦᠯᠢᠶᠡᠬᠦ ᠥᠬᠡᠶ ᠲᠦᠰᠢᠭᠯᠡᠬᠦ ᠥᠬᠡᠶ᠂ ᠲᠦᠯᠬᠢᠬᠦ | ᠥᠬᠡᠶ ᠤᠳᠠᠭᠠᠰᠢᠷᠠᠭᠤᠯᠬᠤ ᠥᠬᠡᠶ ᠪᠠᠶᠢᠬᠤ ᠶᠢ ᠪᠠᠷᠢᠮᠲᠠᠯᠠᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ | ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠲᠦᠷᠭᠡᠨ ᠪᠠᠶᠢᠷᠢᠯᠠᠭᠤᠯᠬᠤ᠂ ᠲᠦᠷᠭᠡᠨ ᠠᠬᠢᠭᠤᠯᠬᠤ᠂ ᠲᠦᠷᠭᠡᠨ | ᠨᠠᠶᠢᠳᠠᠪᠤᠷᠢᠵᠢᠭᠤᠯᠬᠤ᠂ ᠲᠦᠷᠭᠡᠨ ᠦᠷ᠎ᠡ ᠪᠦᠲᠦᠮᠵᠢ ᠤᠯᠬᠤ ᠶᠢ ᠪᠡᠶᠡᠯᠡᠭᠦᠯᠵᠦ᠂ ᠦᠨᠡᠨ ᠪᠣᠳᠠᠲᠠᠶ ᠦᠷ᠎ᠡ | ᠪᠦᠲᠦᠮᠵᠢ ᠪᠠᠷ ᠢᠶᠠᠨ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠦ | ᠴᠢᠬᠤᠯᠠᠴᠢᠯᠠᠪᠠ᠃ | | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠣ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ |