ᠬᠤᠷᠢᠨᠭᠡᠷ ᠰᠢᠶᠠᠨ ᠤ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠬᠤᠷᠢᠨᠭᠡᠷ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2023/11/3
     11 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠬᠠᠮᠠᠳ ᠺᠠᠳ᠋ᠷᠴᠤᠳ ᠤᠨ ᠲᠣᠪᠴᠢᠶ᠎ᠠ 20 ᠭᠠᠷᠤᠢ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠤᠨ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠣᠭᠤᠷᠢᠨ ᠦᠵᠡᠭᠦᠯᠵᠦ᠂ ᠤᠢᠢᠷ᠎ᠠ ᠶᠢᠨ ᠵᠢᠯ ᠤᠨ ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠭᠤᠯᠪᠠ᠃      ᠠᠵᠢᠯ ᠠᠴᠠ ᠪᠠᠨ ᠳᠠᠷᠬᠠᠯᠠᠭᠳᠠᠭᠰᠠᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠨᠠᠷ ᠲᠣᠰ ᠲᠣᠰ ᠬᠤᠷᠢᠨᠭᠡᠷ ᠰᠢᠶᠠᠨ ᠤ ᠡᠭᠦᠯᠳᠡᠷ ᠤᠨ ᠢᠷᠡᠯᠲᠡ ᠶᠢᠨ ᠰᠢᠨ᠎ᠡ ᠶᠢ ᠡᠭᠦᠳᠬᠦ ᠰᠠᠭᠤᠷᠢᠨ — ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢ ᠦᠷᠡᠵᠢᠭᠦᠯᠦᠨ ᠪᠤᠶᠢᠵᠢᠭᠤᠯᠬᠤ ᠲᠥᠷᠥᠯ ᠵᠦᠢᠯ᠂ ᠲᠢᠶᠠᠨ ᠬᠤᠤ ᠰᠢᠯᠦᠨ ᠰᠢᠷᠬᠡᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 60 ᠲᠦᠮᠡᠨ ᠲᠣᠨ ᠰᠢᠯ ᠰᠢᠷᠬᠡᠭ ᠦᠢᠯᠡᠳᠬᠦ ᠲᠥᠷᠥᠯ ᠵᠦᠢᠯ᠂  ᠮᠧᠩ ᠨᠢᠦ ᠰᠦ ᠶᠢᠨ ᠦᠢᠯᠡᠰ ᠤᠨ ᠶᠢᠰᠦᠳᠦᠭᠡᠷ ᠬᠤᠭᠤᠴᠠᠭ᠎ᠠ᠂ ᠠᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ ᠵᠡᠷᠭᠡ ᠶᠢ ᠲᠣᠭᠤᠷᠢᠨ ᠦᠵᠡᠪᠡ᠃ ᠭᠠᠵᠠᠷ ᠪᠣᠯᠭᠠᠨ ᠳᠤ ᠬᠦᠷᠴᠦ ᠲᠣᠭᠤᠷᠢᠨ ᠦᠵᠡᠬᠦ ᠪᠦᠷᠢ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠡᠯ᠎ᠡ ᠲᠦᠷᠦᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠨᠢᠭᠲᠠ ᠣᠶᠢᠯᠠᠭᠠᠪᠠ᠃      ᠠᠬᠠᠮᠠᠳ ᠺᠠᠳ᠋ᠷᠴᠤᠳ ᠬᠤᠷᠢᠨᠭᠡᠷ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠤᠭᠰᠠᠨ ᠰᠢᠨ᠎ᠡ ᠠᠮᠵᠢᠯᠲᠠ ᠪᠦᠲᠦᠮᠵᠢ ᠶᠢ ᠭᠦᠨᠵᠡᠭᠡᠶ ᠣᠶᠢᠯᠠᠭᠠᠭᠰᠠᠨ ᠪᠥᠭᠡᠳ ᠮᠠᠨ ᠤ ᠰᠢᠶᠠᠨ ᠤ ᠣᠶᠢᠷ᠎ᠠ ᠶᠢᠨ ᠵᠢᠯ ᠤᠳ ᠲᠤ ᠭᠠᠷᠭᠠᠭᠰᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠣᠯᠤᠭᠰᠠᠨ ᠦᠷ᠎ᠡ ᠪᠦᠲᠦᠭᠡᠯ ᠢ ᠨᠤᠲᠠᠯᠠᠨ ᠰᠠᠶᠢᠰᠢᠶᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠷᠢᠨᠭᠡᠷ ᠰᠢᠶᠠᠨ ᠤ ᠢᠷᠡᠭᠡᠳᠦᠶ ᠶᠢᠨ ᠬᠥᠭᠵᠢᠯᠲᠡ ᠳᠤ ᠬᠦᠰᠡᠯ ᠡᠷᠡᠮᠡᠯᠵᠡᠯ ᠳᠦᠭᠦᠷᠡᠩ ᠪᠠᠶᠢᠨ᠎ᠠ᠃ ᠠᠬᠠᠮᠠᠳ ᠺᠠᠳ᠋ᠷᠴᠤᠳ᠂ ᠬᠤᠶᠢᠰᠢᠳᠠ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠷᠢᠨᠭᠡᠷ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号