ᠵᠠᠩ ᠳᠠᠳᠬᠠᠯ ᠢ ᠥᠭᠡᠷᠡᠴᠢᠯᠡᠬᠦ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ | ᠮᠥᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠲᠣᠰᠬᠤᠨ ᠤ ᠠᠷᠠᠳ ᠤᠨ | ᠦᠵᠡᠯ ᠰᠠᠨᠠᠭ᠎ᠠ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ ᠰᠢᠨ᠎ᠡ ᠬᠡᠪ ᠰᠤᠷᠲᠠᠯ ᠢ | ᠪᠠᠳᠠᠷᠠᠭᠤᠯᠬᠤ ᠶᠢᠨ ᠲᠥᠯᠥᠭᠡ ᠶᠤᠮ᠃ ᠣᠶᠢᠷ᠎ᠠ ᠳᠤ᠂ ᠶᠡᠭᠡ ᠤᠯᠠᠭᠠᠨᠬᠤᠲᠠ ᠰᠢᠶᠠᠩ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠴᠢᠳ ᠶᠡᠭᠡ ᠤᠯᠠᠭᠠᠨᠬᠤᠲᠠ | ᠲᠣᠰᠬᠤᠨ ᠳᠤ ᠢᠷᠡᠵᠦ ᠵᠠᠩ ᠳᠠᠳᠬᠠᠯ ᠢ ᠥᠭᠡᠷᠡᠴᠢᠯᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠲᠣᠰᠬᠤᠨ ᠤ ᠠᠷᠠᠳ ᠢ ᠵᠣᠬᠢᠶᠠᠨ | ᠪᠠᠶᠢᠭᠤᠯᠤᠨ ᠶᠡᠭᠡ ᠤᠯᠠᠭᠠᠨᠬᠤᠲᠠ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠵᠠᠩ ᠳᠠᠳᠬᠠᠯ ᠢ | ᠥᠭᠡᠷᠡᠴᠢᠯᠡᠬᠦ ᠲᠤᠬᠠᠢ ᠸᠢᠳᠢᠣ᠋ ᠶᠢ ᠰᠣᠨᠢᠷᠬᠠᠬᠤ ᠶᠢᠨ ᠬᠠᠮᠲᠤ ᠲᠡᠳᠡᠨ ᠳᠤ ᠵᠠᠩ ᠳᠠᠳᠬᠠᠯ ᠢ ᠥᠭᠡᠷᠡᠴᠢᠯᠡᠬᠦ ᠲᠤᠬᠠᠢ | ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ ᠥᠭᠴᠡᠢ᠃ ᠰᠠᠶᠢᠨ ᠳᠤᠷ᠎ᠠ ᠶᠢᠨ ᠠᠵᠢᠯᠯᠠᠭᠴᠢᠳ ᠲᠣᠰᠬᠤᠨ ᠤ | ᠠᠷᠠᠳ ᠢ ᠳᠠᠶᠢᠴᠢᠯᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠣᠯᠪᠠᠰᠤᠨ ᠠᠷᠪᠢᠴᠢ ᠭᠠᠮᠲᠠᠢ᠂ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠬᠥᠷᠰᠢ ᠵᠡᠷᠭᠡᠯᠡᠳᠡᠭᠡ ᠲᠠᠢ ᠪᠠᠨ ᠪᠦᠯᠬᠦᠮᠳᠡᠬᠦ᠂ | ᠬᠤᠷᠢᠮ ᠪᠡᠯᠪᠡᠰᠦᠷᠡᠯ ᠢ ᠳᠥᠭᠦᠮᠴᠢᠯᠡᠬᠦ᠂ ᠹᠸᠤᠳᠠᠯ ᠤᠨ ᠮᠤᠬᠤᠷ ᠪᠢᠰᠢᠷᠡᠯ ᠢ ᠠᠷᠢᠯᠭᠠᠬᠤ ᠵᠡᠷᠭᠡ ᠶᠢ ᠰᠠᠨᠠᠭᠠᠴᠢᠯᠠᠵᠤ᠂ | ᠤᠷᠤᠭᠯᠠᠬᠤ ᠰᠢᠨ᠎ᠡ ᠰᠤᠷᠲᠠᠯ ᠢ ᠪᠤᠢ ᠪᠣᠯᠭᠠᠵᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠤᠬᠠᠮᠰᠠᠷ ᠠᠴᠠ ᠪᠠᠨ | ᠵᠢᠷᠤᠮᠯᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠵᠤ᠂ ᠪᠣᠯᠪᠠᠰᠤᠨ ᠰᠢᠨ᠎ᠡ ᠰᠤᠷᠲᠠᠯ ᠤᠨ | ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠡᠢ᠃ | ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠵᠠᠩ ᠳᠠᠳᠬᠠᠯ ᠢ ᠥᠭᠡᠷᠡᠴᠢᠯᠡᠬᠦ | ᠣᠶᠢᠯᠠᠭᠠᠭᠳᠠᠬᠤᠨ ᠢ ᠲᠦᠭ ᠲᠦᠮᠡᠨ ᠠᠶᠢᠯ ᠡᠷᠦᠬᠡ ᠳᠤ ᠦᠨᠡᠨᠬᠦ ᠤᠯᠠᠮᠵᠢᠯᠠᠵᠤ᠂ ᠲᠣᠰᠬᠤᠨ ᠤ ᠠᠷᠠᠳ ᠲᠤ ᠵᠠᠩ | ᠳᠠᠳᠬᠠᠯ ᠢ ᠥᠭᠡᠷᠡᠴᠢᠯᠡᠬᠦ ᠶᠢᠨ ᠴᠢᠬᠤᠯᠠ ᠠᠴᠢ ᠬᠤᠯᠪᠣᠭᠳᠠᠯ ᠢ ᠦᠨᠡᠨᠬᠦ ᠣᠶᠢᠯᠠᠭᠠᠭᠤᠯᠬᠤ ᠶᠢᠨ ᠬᠠᠮᠲᠤ ᠪᠣᠯᠪᠠᠰᠤᠨ | ᠡᠶ᠎ᠡ ᠵᠣᠬᠢᠴᠠᠩᠭᠤᠢ᠂ ᠪᠣᠬᠢᠷᠲᠤᠯ ᠦᠭᠡᠢ ᠡᠷᠡᠭᠦᠯ ᠰᠠᠷᠠᠭᠤᠯ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠳᠠᠷᠠᠭᠠᠴᠢ ᠶᠢᠨ ᠠᠯᠬᠤᠮ ᠳᠤ᠂ ᠶᠡᠭᠡ | ᠤᠯᠠᠭᠠᠨᠬᠤᠲᠠ ᠰᠢᠶᠠᠩ ᠤᠨ ᠬᠢᠨ ᠬᠥᠳᠡᠭᠡ ᠲᠣᠰᠬᠤᠨ ᠤ ᠵᠠᠩ ᠰᠤᠷᠲᠠᠯ ᠰᠣᠶᠣᠯ ᠤᠨ ᠵᠠᠰᠠᠯᠲᠠ ᠶᠢ ᠦᠷᠭᠦᠯᠵᠢᠯᠡᠨ | ᠴᠢᠩᠭᠠᠳᠬᠠᠵᠤ᠂ ᠵᠠᠩ ᠳᠠᠳᠬᠠᠯ ᠢ ᠥᠭᠡᠷᠡᠴᠢᠯᠡᠬᠦ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠤᠯᠠᠨ ᠲᠦᠮᠡᠨ ᠢ | ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠰᠤᠷᠲᠠᠯ᠂ ᠪᠣᠯᠪᠠᠰᠤᠨ ᠠᠮᠢᠳᠤᠷᠠᠯ ᠢ ᠡᠷᠬᠢᠮᠯᠡᠵᠦ᠂ ᠪᠣᠯᠪᠠᠰᠤᠨ | ᠴᠡᠴᠡᠭ ᠢ ᠮᠢᠷᠠᠯᠵᠠᠭᠤᠯᠤᠨᠠ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |