ᠠᠩᠬᠠᠷ︕ ᠡᠶᠢᠮᠦᠷᠬᠦ ᠣᠬᠤᠷ ᠮᠡᠳᠡᠭᠡ ᠶᠢ ᠣᠯᠪᠠᠯ  ᠬᠢᠴᠢᠶᠡᠭᠡᠷᠡᠢ᠂ ᠮᠡᠭᠡᠯᠡᠯ ᠪᠠᠶᠢᠵᠤ ᠮᠠᠭᠠᠳ ᠦᠭᠡᠢ
ᠨᠡᠶᠢᠲᠡᠯᠡᠭᠰᠡᠨ ᠴᠠᠭ᠄
2023/11/3
     ︽ᠲᠠᠨ ᠤ XX ᠬᠤᠷᠠᠮᠳᠤᠯ ᠬᠤᠪᠢ ᠪᠠᠨ ᠬᠡᠷᠡᠭᠯᠡᠭᠡ ᠥᠬᠡᠶ ᠪᠠᠶᠢᠬᠰᠠᠭᠠᠷ᠂ ᠬᠤᠭᠤᠴᠠᠭ᠎ᠠ   ᠨᠢ  ᠲᠤᠯᠪᠠᠯ  ᠬᠦᠴᠦᠨ ᠥᠬᠡᠶ ᠪᠣᠯᠤᠨ᠎ᠠ ᠰᠢᠦ᠂ ᠬᠤᠷᠠᠮᠳᠤᠯ ᠬᠤᠪᠢ ᠶᠢᠨ ᠬᠤᠳᠠᠯᠳᠤᠭᠠᠨ ᠤ ᠬᠤᠲᠠ ᠳᠤ ᠲᠦᠷᠭᠡᠨ ᠣᠷᠣᠵᠤ ᠲᠠᠸᠠᠷ ᠰᠣᠯᠢᠭᠠᠷᠠᠶ︾ ᠭᠡᠬᠦ ᠮᠡᠳᠦ ᠶᠢᠨ ᠤᠬᠤᠷ ᠮᠡᠳᠡᠭᠡ ᠶᠢ ᠣᠶᠢᠷ᠎ᠠ ᠳᠤ ᠮᠠᠰᠢ ᠣᠯᠠᠨ ᠬᠥᠮᠦᠨ ᠣᠯᠵᠤ ᠠᠪᠴᠠᠢ᠃      ᠡᠳᠡᠭᠡᠷ ᠢ ᠦᠵᠡᠬᠦ ᠳᠤ  ᠨᠡᠯᠢᠶᠡᠳ ᠲᠠᠲᠠᠬᠤ  ᠬᠦᠴᠦᠨ ᠪᠦᠬᠦᠢ  ᠬᠠᠷᠠᠭᠠᠯᠵᠠᠯ ᠲᠠᠢ  ᠪᠤᠯᠪᠠᠴᠤ ᠦᠨᠡᠨ ᠳᠡᠭᠡᠨ ᠬᠡᠷᠡᠭᠯᠡᠭᠡᠨ ᠤ ᠤᠨᠠᠭᠤᠯᠢ ᠪᠠᠶᠢᠵᠤ ᠮᠠᠭᠠᠳ ᠦᠭᠡᠢ᠃      ᠰᠤᠷᠪᠤᠯᠵᠢᠯᠠᠭᠴᠢ ᠶᠢᠨ ᠪᠠᠶᠢᠴᠠᠭᠠᠯᠲᠠ ᠬᠢᠭᠡᠳ ᠣᠯᠵᠤ ᠮᠡᠳᠡᠭᠰᠡᠨ ᠢᠶᠠᠷ᠂ ᠡᠶᠢᠮᠦᠷᠬᠦ ︽ᠬᠤᠷᠠᠮᠳᠤᠯ ᠬᠤᠪᠢ ᠪᠠᠷ ᠲᠠᠸᠠᠷ ᠰᠣᠯᠢᠬᠤ︾ ᠣᠬᠤᠷ ᠮᠡᠳᠡᠭᠡ ᠨᠢ ᠶᠡᠷᠦ ᠳᠡᠭᠡᠨ ︽ᠰᠦᠯᠵᠢᠶ᠎ᠡ ᠳᠤ ᠥᠷᠭᠡᠨ ᠢᠶᠠᠷ ᠲᠠᠷᠬᠠᠭᠠᠬᠤ︾ ᠠᠷᠭ᠎ᠠ ᠪᠠᠰᠢᠷ  ᠢ ᠭᠡᠷᠡᠭᠯᠡᠳᠡᠭ  — ᠬᠤᠳᠠᠯᠳᠤᠭᠠᠴᠢᠳ ᠦᠯᠡᠮᠵᠢ ᠤᠯᠠᠨ  ᠬᠥᠮᠦᠰ ᠲᠤ  ᠴᠥᠷᠬᠡᠯᠡᠭᠡ ᠲᠠᠢ ᠣᠬᠤᠷ ᠮᠡᠳᠡᠭᠡ ᠶᠠᠪᠤᠭᠤᠯᠵᠤ᠂  ᠬᠡᠷᠡᠭᠯᠡᠭᠴᠢᠳ ᠤᠨ ᠬᠤᠷᠠᠮᠳᠤᠯ ᠬᠤᠪᠢ ᠪᠠᠨ ᠬᠤᠭᠤᠴᠠᠭ᠎ᠠ ᠬᠡᠲᠦᠷᠡᠬᠦ ᠠᠴᠠ ᠠᠶᠤᠬᠤ ᠰᠡᠳᠬᠢᠴᠡ ᠶᠢ ᠠᠰᠢᠭᠯᠠᠨ᠂  ᠲᠡᠭᠦᠨ ᠢ ᠥᠳᠥᠭᠡᠨ ᠴᠢᠨᠠᠷ ᠮᠠᠭᠤᠲᠠᠶ ᠪᠠᠷᠠᠭ᠎ᠠ ᠬᠤᠳᠠᠯᠳᠤᠨ ᠠᠪᠤᠭᠤᠯᠳᠠᠭ᠃      ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠢᠨ  2023  ᠣᠨ ᠤ  ᠰᠢᠨ᠎ᠡ  ᠵᠢᠯ ᠤᠨ  ᠤᠷᠢᠳ ᠬᠤᠵᠢᠳ ᠢᠶᠠᠷ ᠬᠤᠯᠪᠣᠭᠳᠠᠯ ᠪᠥᠬᠦᠶ ᠡᠵᠡᠩᠨᠡᠭᠴᠢ   ᠶᠢᠨ  ᠬᠤᠷᠠᠮᠳᠤᠯ  ᠬᠤᠪᠢ ᠶᠢᠨ  ᠬᠤᠭᠤᠴᠠᠭ᠎ᠠ ᠲᠤᠯᠤᠭᠰᠠᠨ ᠢ  ᠠᠰᠢᠭᠯᠠᠨ ᠵᠣᠬᠢᠴᠠᠩᠭᠤᠶ ᠲᠠᠸᠠᠷ ᠰᠤᠯᠢᠭᠤᠯᠬᠤ ᠪᠤᠶᠤ ᠪᠤᠷᠤᠭᠤ ᠪᠠᠷ ᠵᠢᠯᠤᠭᠤᠳᠴᠤ ᠬᠡᠷᠡᠭᠯᠡᠭᠡ ᠬᠢᠯᠭᠡᠵᠦ  ᠪᠠᠶᠢᠭ᠎ᠠ  ᠦᠢᠯᠡ  ᠠᠵᠢᠯᠯᠠᠭ᠎ᠠ ᠶᠢ ᠵᠠᠯᠭᠠᠭ᠎ᠠ ᠪᠠᠷ ᠲᠤᠰᠬᠠᠭᠰᠠᠨ ᠬᠡᠷᠡᠭᠯᠡᠭᠴᠢᠳ ᠤᠨ ᠬᠠᠷᠢᠭᠤ ᠲᠤᠰᠬᠠᠯ ᠢ ᠣᠯᠤᠭᠰᠠᠨ ᠪᠥᠭᠡᠳ ᠰᠡᠷᠡᠮᠵᠢᠯᠡᠭᠦᠯᠤᠯ ᠨᠡᠶᠢᠳᠡᠯᠡᠵᠦ ᠲᠡᠳᠡᠨ ᠳᠤ ᠰᠠᠨᠠᠭᠤᠯᠤᠮᠵᠢ ᠦᠭᠭᠦᠭᠰᠡᠨ ᠪᠠᠶᠢᠨ᠎ᠠ᠃       ︽ᠬᠡᠰᠡᠭ ᠲᠠᠸᠠᠷ ᠨᠢ ᠬᠤᠳᠠᠯ ᠬᠠᠭᠤᠷᠮᠠᠭ ᠦᠢᠯᠡᠳᠬᠦᠨ ᠪᠤᠯᠬᠤ ᠶᠢ ᠨᠢᠭᠡᠨᠳᠡ  ᠨᠤᠳᠠᠯᠠᠪᠠ᠂  ᠪᠠᠰᠠ  ᠨᠢᠭᠡ  ᠪᠦᠯᠦᠭ ᠨᠠᠷᠠᠲᠤ ᠲᠡᠮᠳᠡᠭᠲᠦ ᠦᠢᠯᠡᠳᠬᠦᠨ ᠨᠢ ᠬᠥᠮᠥᠷᠭᠡ ᠳᠤ ᠤᠳᠠᠭᠠᠨ ᠵᠢᠯ ᠳᠠᠷᠤᠭᠳᠠᠭᠰᠠᠨ ᠦᠢᠯᠡᠳᠬᠦᠨ ᠪᠣᠯᠤᠨ᠎ᠠ︾ ᠭᠡᠵᠦ  ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠳᠤ ᠬᠢᠨᠠᠯᠲᠠ ᠲᠠᠯᠪᠢᠬᠤ ᠬᠡᠯᠲᠡᠰ ᠤᠨ ᠡᠷᠬᠢᠯᠡᠭᠴᠢ ᠵᠠᠩ ᠳ᠋ᠧ ᡁᠢ ᠬᠡᠯᠡᠭᠰᠡᠨ ᠢᠶᠠᠨ ᠵᠠᠯᠭᠠᠭᠠᠳ᠂ ᠡᠨᠡ ᠪᠣᠯ ᠮᠡᠬᠡᠯᠡᠯ ᠤᠨ  ᠰᠢᠨᠵᠢ  ᠴᠢᠨᠠᠷ ᠲᠠᠢ᠂  ᠬᠡᠷᠡᠭᠯᠡᠭᠴᠢᠳ ᠢ  ᠪᠤᠷᠤᠭᠤ   ᠪᠠᠷ  ᠵᠢᠯᠤᠭᠤᠳᠴᠤ ᠪᠠᠶᠢᠭ᠎ᠠ ᠠᠵᠢᠯᠯᠠᠭ᠎ᠠ ᠮᠥᠨ ᠭᠡᠵᠦ ᠬᠡᠯᠡᠪᠡ᠃       ︽ᠬᠤᠷᠠᠮᠳᠤᠯ ᠬᠤᠪᠢ ᠪᠠᠷ ᠲᠠᠸᠠᠷ ᠰᠣᠯᠢᠬᠤ ᠬᠡᠯᠪᠡᠷᠢ ᠪᠠᠷ ᠬᠡᠷᠡᠭᠯᠡᠭᠴᠢᠳ  ᠢ ᠭᠡᠨᠡᠳᠡᠭᠦᠯᠵᠦ ᠪᠠᠶᠢᠨ᠎ᠠ︾᠂ ︽ᠢᠷᠡᠭᠦᠯᠦᠭᠰᠡᠨ ᠶᠠᠭᠤᠮ᠎ᠠ ᠨᠢ ᠴᠢᠨᠠᠷ ᠮᠠᠭᠤᠳᠠᠢ  ᠡᠳ᠋᠂  ᠬᠡᠷᠡᠭᠯᠡᠬᠦ   ᠶᠢᠨ  ᠠᠷᠭ᠎ᠠ  ᠥᠬᠡᠶ︾᠂  ︽ᠡᠵᠡᠩᠨᠡᠭᠴᠢ ᠶᠢ ᠡᠷᠢᠬᠦ ᠳᠤ ᠬᠠᠮᠢᠶᠠᠷᠬᠤ ᠬᠥᠮᠦᠨ ᠥᠬᠡᠶ᠂ ᠶᠠᠭᠤᠮ᠎ᠠ ᠶᠢ ᠠᠪᠬᠤ ᠦᠭᠡᠢ ᠪᠤᠯ ᠵᠣᠭᠤᠰ ᠢ ᠪᠤᠴᠠᠭᠠᠬᠤ ᠥᠬᠡᠶ︾ ᠪᠠᠶᠢᠳᠠᠭ᠁  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号