11 ᠰᠠᠷ᠎ᠠ ᠠᠴᠠ ᠡᠬᠢᠯᠡᠨ ᠬᠡᠷᠡᠭᠵᠢᠭᠦᠯᠬᠦ ᠣᠯᠠᠨ ᠵᠦᠢᠯ ᠤᠨ ᠰᠢᠨ᠎ᠡ ᠲᠣᠭᠲᠠᠭᠠᠯ ᠨᠢ ᠲᠠ ᠪᠢᠳᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ
ᠨᠡᠶᠢᠲᠡᠯᠡᠭᠰᠡᠨ ᠴᠠᠭ᠄
2023/11/3
     11 ᠰᠠᠷ᠎ᠠ ᠠᠴᠠ ᠡᠬᠢᠯᠡᠨ᠂ ᠣᠯᠠᠨ ᠵᠦᠢᠯ ᠤᠨ ᠰᠢᠨ᠎ᠡ ᠲᠣᠭᠲᠠᠭᠠᠯ ᠢ ᠡᠬᠢᠯᠡᠨ ᠬᠡᠷᠡᠭᠵᠢᠭᠦᠯᠦᠨ᠎ᠡ᠂ ᠡᠭᠦᠨ ᠳᠤ  ᠴᠥᠮ ᠶᠠᠮᠠᠷ ᠶᠠᠮᠠᠷ ᠲᠣᠭᠲᠠᠭᠠᠯ ᠪᠠᠶᠢᠬᠤ ᠪᠣᠶ︖ ᠬᠠᠮᠲᠤ ᠪᠠᠷ ᠠᠩᠬᠠᠷᠤᠯ ᠢᠶᠠᠨ ᠬᠠᠨᠳᠤᠭᠤᠯᠤᠶ᠎ᠠ᠃              ᠳᠥᠷᠪᠡᠨ  ᠵᠦᠢᠯ  ᠤᠨ  ᠴᠠᠬᠢᠯᠭᠠᠨ  ᠬᠥᠳᠡᠯᠭᠡᠭᠦᠷᠲᠦ  ᠲᠡᠷᠭᠡ ᠶᠢᠨ  ᠤᠯᠤᠰ ᠤᠨ   ᠪᠠᠷᠢᠮᠵᠢᠶ᠎ᠠ ᠶᠢ ᠵᠢᠩᠬᠢᠨᠢ ᠪᠠᠷ ᠬᠡᠷᠡᠭᠵᠢᠭᠦᠯᠪᠡ              11 ᠰᠠᠷ᠎ᠠ ᠶᠢᠨ 1 ᠤ ᠡᠳᠦᠷ ᠠᠴᠠ  ᠡᠬᠢᠯᠡᠨ᠂  ᠳᠥᠷᠪᠡᠨ  ᠵᠦᠢᠯ ᠤᠨ ᠴᠠᠬᠢᠯᠭᠠᠨ ᠬᠥᠳᠡᠯᠭᠡᠭᠦᠷᠲᠦ  ᠲᠡᠷᠭᠡ ᠶᠢᠨ ᠤᠯᠤᠰ ᠤᠨ ᠪᠠᠷᠢᠮᠵᠢᠶ᠎ᠠ ᠶᠢ ᠵᠢᠩᠬᠢᠨᠢ ᠪᠠᠷ ᠬᠡᠷᠡᠭᠵᠢᠭᠦᠯᠪᠡ᠃ ᠡᠳᠡᠭᠡᠷ  ᠪᠠᠷᠢᠮᠵᠢᠶ᠎ᠠ ᠳᠤ ᠴᠠᠬᠢᠯᠭᠠᠨ  ᠬᠥᠳᠡᠯᠭᠡᠭᠦᠷᠲᠦ ᠲᠡᠷᠭᠡ ᠶᠢ ᠵᠢᠷᠤᠵᠤ ᠲᠥᠯᠥᠪᠯᠡᠨ ᠦᠢᠯᠡᠳᠬᠦ᠂ ᠠᠶᠤᠯᠭᠦᠶ ᠶᠢᠨ ᠴᠢᠳᠠᠮᠵᠢ᠂ ᠴᠠᠬᠢᠯᠭᠠᠨ ᠴᠡᠨᠡᠭ ᠤᠨ  ᠶᠢᠨ  ᠰᠢᠰᠲ᠋ᠧᠮ ᠪᠠ ᠢᠯᠡᠳᠬᠡᠮᠵᠢ ᠲᠡᠮᠳᠡᠭ ᠵᠡᠷᠭᠡ ᠲᠠᠯ᠎ᠠ ᠪᠠᠷ ᠴᠥᠮ ᠲᠤᠳᠤᠷᠬᠠᠢ ᠲᠤᠬᠳᠠᠭᠠᠯ  ᠭᠠᠷᠭᠠᠪᠠ᠂  ᠡᠨᠡ   ᠨᠢ  ᠴᠠᠬᠢᠯᠭᠠᠨ ᠬᠥᠳᠡᠯᠭᠡᠭᠦᠷᠲᠦ ᠲᠡᠷᠭᠡ ᠶᠢᠨ ᠪᠠᠷᠢᠭᠤᠯ᠂ ᠯᠢᠲ᠋ᠢ ᠶᠢᠨ ᠴᠠᠬᠢᠯᠭᠠᠨ  ᠴᠡᠨᠡᠭ᠂  ᠶᠡᠷᠦᠩᠬᠡᠶ ᠤᠲᠠᠰᠤᠨ ᠤ  ᠵᠢᠷᠤᠭ  ᠲᠥᠯᠥᠪᠯᠡᠭᠡ᠂  ᠡᠯᠧᠺᠲᠷᠣᠨ  ᠡᠵᠡᠮᠰᠢᠯ ᠤᠨ ᠰᠢᠰᠲ᠋ᠧᠮ ᠵᠡᠷᠭᠡ ᠳᠤ ᠬᠤᠯᠪᠣᠭᠳᠠᠵᠠᠶ᠃              ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠪᠦᠬᠦ ᠲᠠᠯ᠎ᠠ ᠶᠢᠨ ᠪᠣᠰᠤᠭ᠎ᠠ ᠴᠣᠭᠴᠠᠲᠤ ᠠᠵᠢᠭᠯᠠᠯᠲᠠ ᠬᠢᠬᠦ ᠪᠤᠯᠪᠠ              ᠠᠮᠢ ᠠᠬᠤᠶ ᠣᠷᠴᠢᠨ ᠲᠤᠭᠤᠷᠢᠨ ᠤ ᠶᠠᠮᠤᠨ ᠤ ᠨᠡᠶᠢᠲᠡᠯᠡᠭᠰᠡᠨ ︽ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ  ᠤ ᠠᠮᠢ ᠠᠬᠤᠶ ᠶᠢᠨ ᠣᠷᠴᠢᠨ ᠲᠤᠭᠤᠷᠢᠨ ᠤ ᠪᠠᠶᠢᠴᠠᠭᠠᠯᠲᠠ ᠪᠠ ᠠᠵᠢᠭᠯᠠᠯᠲᠠ ᠶᠢᠨ ᠮᠡᠷᠭᠡᠵᠢᠯ ᠤᠨ ᠵᠢᠷᠤᠮᠵᠢᠯ︾ ᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ︽ᠲᠧᠭᠨᠢᠭ ᠤᠨ ᠵᠢᠷᠤᠮᠵᠢᠯ︾ ᠨᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠮᠢᠳᠤ ᠪᠤᠳᠠᠰ ᠤᠨ ᠣᠯᠠᠨ ᠶᠠᠩᠵᠤᠲᠤ ᠴᠢᠨᠠᠷ᠂ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠪᠬᠢ᠂ ᠣᠷᠴᠢᠨ ᠠᠬᠤᠢ ᠶᠢᠨ ᠶᠠᠰᠤ ᠴᠢᠨᠠᠷ᠂ ᠪᠠᠶᠢᠭᠠᠯᠢ ᠶᠢᠨ ᠨᠥᠬᠦᠴᠡᠯ ᠪᠣᠯᠤᠨ ᠭᠠᠮᠰᠢᠭ᠂ ᠵᠤᠷᠢᠭᠤᠳᠠ ᠶᠢᠨ ᠠᠵᠢᠯᠯᠠᠭ᠎ᠠ ᠵᠡᠷᠭᠡ 5 ᠲᠠᠯ᠎ᠠ ᠪᠠᠷ ᠠᠯᠢ  ᠣᠯᠠᠨ ᠪᠠᠶᠢᠴᠠᠭᠠᠯᠳᠠ᠂ ᠠᠵᠢᠭᠯᠠᠯᠲᠠ ᠶᠢᠨ ᠬᠦᠢᠴᠡᠳᠭᠡᠯ ᠲᠤᠭ᠎ᠠ ᠭᠠᠷᠭᠠᠵᠠᠢ᠃              ᠵᠠᠮ ᠤᠨ ᠳᠡᠭᠡᠳᠦ ᠨᠠᠷᠢᠯᠢᠭ ᠵᠠᠮᠴᠢᠯᠠᠭ᠎ᠠ ᠶᠢᠨ ᠡᠯᠧᠺᠲᠷᠣᠨ  ᠭᠠᠵᠠᠷ ᠤᠨ  ᠵᠢᠷᠤᠭ ᠨᠢ  ᠵᠢᠯᠣᠭᠤᠳᠬᠤ  ᠴᠢᠨᠠᠷ  ᠪᠦᠬᠦᠢ ᠵᠢᠷᠤᠮᠵᠢᠯ ᠲᠠᠢ ᠪᠤᠯᠪᠠ              ᠪᠠᠶᠢᠭᠠᠯᠢ ᠶᠢᠨ  ᠡᠬᠢ  ᠪᠠᠶᠠᠯᠢᠭ ᠤᠨ  ᠶᠠᠮᠤᠨ ᠤ  ᠨᠡᠶᠢᠲᠡᠯᠡᠭᠰᠡᠨ  ︽ᠵᠠᠮ ᠤᠨ ᠳᠡᠭᠡᠳᠦ ᠨᠠᠷᠢᠯᠢᠭ ᠵᠠᠮᠴᠢᠯᠠᠭ᠎ᠠ ᠶᠢᠨ ᠡᠯᠧᠺᠲᠷᠣᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠵᠢᠷᠤᠮᠵᠢᠯ︾᠂  ︽ᠵᠠᠮ ᠤᠨ ᠳᠡᠭᠡᠳᠦ ᠨᠠᠷᠢᠯᠢᠭ ᠵᠠᠮᠴᠢᠯᠠᠭ᠎ᠠ ᠶᠢᠨ ᠡᠯᠧᠺᠲᠷᠣᠨ ᠭᠠᠵᠠᠷ ᠤᠨ ᠵᠢᠷᠤᠭ ᠤᠨ ᠦᠢᠯᠡᠳᠪᠦᠷᠢᠯᠡᠯ ᠤᠨ ᠮᠡᠷᠭᠡᠵᠢᠯ ᠤᠨ ᠵᠢᠷᠤᠮᠵᠢᠯ︾ ᠢ 11 ᠰᠠᠷ᠎ᠠ ᠶᠢᠨ 1 ᠤ  ᠡᠳᠦᠷ ᠠᠴᠠ ᠡᠬᠢᠯᠡᠵᠦ ᠬᠡᠷᠡᠭᠵᠢᠭᠦᠯᠪᠡ᠃ ᠡᠨᠡ ᠬᠤᠶᠠᠷ ᠵᠢᠷᠤᠮᠵᠢᠯ ᠨᠢ ᠳᠡᠭᠡᠳᠦ ᠨᠠᠷᠢᠯᠢᠭ ᠵᠠᠮᠴᠢᠯᠠᠭ᠎ᠠ ᠶᠢᠨ ᠡᠯᠧᠺᠲᠷᠣᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠦᠨᠳᠦᠰᠦᠨ ᠲᠣᠭᠲᠠᠭᠠᠯ᠂  ᠪᠣᠷᠣ  ᠲᠥᠯᠥᠪ ᠤᠨ  ᠲᠤᠭ᠎ᠠ  ᠪᠠᠷᠢᠮᠲᠠ ᠶᠢᠨ  ᠵᠠᠭᠪᠤᠷ᠂  ᠡᠯᠧᠮᠧᠨ᠋ᠲ ᠤᠨ ᠠᠭᠤᠯᠭ᠎ᠠ ᠪᠠ ᠲᠤᠭ᠎ᠠ ᠪᠠᠷᠢᠮᠲᠠ ᠶᠢᠨ ᠢᠯᠡᠳᠬᠡᠯᠲᠡ ᠵᠡᠷᠭᠡ ᠶᠢ ᠲᠣᠳᠣᠷᠬᠠᠶ ᠲᠣᠭᠲᠠᠭᠠᠵᠠᠶ᠂ ᠡᠨᠡ ᠨᠢ ᠮᠠᠨ ᠤ ᠤᠯᠤᠰ ᠤᠨ ᠳᠡᠭᠡᠳᠦ ᠨᠠᠷᠢᠯᠢᠭ ᠭᠠᠵᠠᠷ ᠤᠨ ᠵᠢᠷᠤᠭ ᠤᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠤᠯᠪᠣᠭᠳᠠᠯ ᠪᠥᠬᠦᠶ ᠠᠵᠤ ᠦᠢᠯᠡᠰ ᠤᠨ ᠬᠥᠭᠵᠢᠯᠲᠡ ᠪᠠ ᠬᠤᠳᠠᠯᠳᠤᠭᠠᠴᠢᠯᠠᠭᠰᠠᠨ ᠬᠡᠷᠡᠭᠯᠡᠭᠡ ᠶᠢ ᠲᠦᠷᠭᠡᠳᠭᠡᠬᠦ ᠪᠤᠯᠤᠨ᠎ᠠ᠃      ᠭᠠᠳᠠᠭᠠᠳᠤ ᠳᠤ ᠭᠠᠷᠭᠠᠬᠤ ᠪᠠᠷᠠᠭᠠᠨ ᠤ ᠤᠭ ᠭᠠᠷᠤᠯᠲᠠ ᠶᠢᠨ  ᠣᠷᠣᠨ ᠤ  ᠠᠵᠤ  ᠠᠬᠤᠶᠢᠯᠠᠯ ᠤᠨ  ᠳᠠᠩᠰᠠᠯᠠᠭᠤᠯᠬᠤ ᠵᠦᠢᠯᠡᠰ ᠢ ᠬᠦᠴᠦᠨ ᠦᠭᠡᠢ ᠪᠣᠯᠭᠠᠪᠡ      ᠪᠣᠭᠤᠮᠲᠠ ᠶᠢᠨ ᠶᠡᠷᠦᠩᠬᠡᠶ ᠵᠠᠬᠢᠷᠭ᠎ᠠ  11  ᠰᠠᠷ᠎ᠠ ᠶᠢᠨ  1 ᠤ  ᠡᠳᠦᠷ ᠠᠴᠠ ᠡᠬᠢᠯᠡᠨ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠤᠤᠯ ᠭᠠᠷᠤᠯᠲᠠ ᠶᠢᠨ ᠣᠷᠣᠨ ᠤ ᠠᠵᠤ ᠠᠬᠤᠶᠢᠯᠠᠯ ᠤᠨ ᠳᠠᠩᠰᠠᠯᠠᠭᠤᠯᠬᠤ ᠵᠦᠢᠯᠡᠰ ᠢ ᠬᠦᠴᠦᠨ ᠥᠬᠡᠶ ᠪᠣᠯᠭᠠᠵᠤ᠂ ᠤᠤᠯ ᠭᠠᠷᠤᠯᠲᠠ ᠶᠢᠨ ᠣᠷᠣᠨ ᠤ ᠦᠨᠡᠮᠯᠡᠯ ᠢ ᠭᠤᠶᠤᠴᠢᠯᠠᠭᠴᠢ ᠰᠢᠭᠤᠳ ᠣᠯᠠᠨ ᠤᠯᠤᠰ ᠤᠨ  ᠠᠷᠠᠯᠵᠢᠶᠠᠨ ᠤ  ︽ᠨᠢᠭᠡ ᠯᠡ ᠴᠣᠩᠬᠤᠪᠴᠢ︾᠂ ᠢᠨᠲ᠋ᠧᠷ ᠰᠦᠯᠵᠢᠶ᠎ᠡ  +  ᠪᠣᠭᠤᠮᠲᠠ᠂  ᠳᠤᠮᠳᠠᠳᠤ  ᠤᠯᠤᠰ ᠤᠨ  ᠠᠷᠠᠯᠵᠢᠶ᠎ᠠ ᠶᠢ  ᠠᠬᠢᠭᠤᠯᠬᠤ  ᠡᠪᠯᠡᠯ ᠤᠨ ᠮᠡᠳᠡᠭᠦᠯᠬᠦ ᠰᠢᠰᠲ᠋ᠧᠮ ᠵᠡᠷᠭᠡ ᠪᠠᠷ ᠳᠠᠮᠵᠢᠭᠤᠯᠤᠨ ᠤᠤᠯ ᠭᠠᠷᠤᠯᠲᠠ ᠶᠢᠨ ᠣᠷᠣᠨ ᠤ ᠦᠨᠡᠮᠯᠡᠯ ᠢ ᠭᠤᠶᠤᠴᠢᠯᠠᠨ ᠠᠪᠴᠤ  ᠪᠣᠯᠤᠨ᠎ᠠ ᠭᠡᠵᠦ ᠲᠣᠭᠲᠠᠭᠠᠪᠠ᠃ ᠡᠨᠡ ᠨᠢ ᠬᠢᠯᠢ  ᠠᠯᠤᠰᠯᠠᠭᠰᠠᠨ  ᠠᠷᠠᠯᠵᠢᠶᠠᠨ ᠤ  ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠴᠢᠨᠠᠬᠰᠢᠳᠠ ᠰᠢᠯᠢᠳᠡᠭᠵᠢᠭᠦᠯᠵᠦ᠂ ᠠᠷᠠᠯᠵᠢᠶ᠎ᠠ ᠳᠤ ᠲᠥᠬᠦᠮ ᠦᠵᠡᠭᠦᠯᠬᠦ ᠶᠢ ᠳᠡᠭᠡᠭᠰᠢᠯᠡᠭᠦᠯᠬᠦ ᠪᠤᠯᠤᠨ᠎ᠠ᠃      ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠬᠦ ᠳᠤ ᠳᠥᠷᠪᠡᠨ ᠵᠦᠢᠯ ᠤᠨ ᠠᠵᠢᠯ  ᠲᠥᠷᠥᠯ ᠤᠨ ᠪᠠᠷᠢᠮᠵᠢᠶ᠎ᠠ ᠲᠠᠢ ᠪᠤᠯᠪᠠ      ᠤᠯᠤᠰ ᠤᠨ ᠪᠡᠶ᠎ᠡ ᠶᠢᠨ ᠲᠠᠮᠢᠷ ᠤᠨ  ᠶᠡᠷᠦᠩᠬᠡᠶ  ᠲᠣᠪᠴᠢᠶ᠎ᠠ ᠶᠢᠨ ᠨᠡᠶᠢᠲᠡᠯᠡᠭᠰᠡᠨ ᠳᠥᠷᠪᠡᠨ  ᠵᠦᠢᠯ   ᠤᠨ  ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ  ᠲᠥᠷᠥᠯ ᠤᠨ ᠪᠠᠷᠢᠮᠵᠢᠶ᠎ᠠ ᠶᠢ  11  ᠰᠠᠷ᠎ᠠ ᠶᠢᠨ  1 ᠤ  ᠡᠳᠦᠷ ᠠᠴᠠ ᠡᠬᠢᠯᠡᠵᠦ ᠬᠡᠷᠡᠭᠵᠢᠭᠦᠯᠪᠠ᠃ ᠡᠳᠡᠭᠡᠷ ᠪᠠᠷᠢᠮᠵᠢᠶ᠎ᠠ ᠳᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠢ ᠦᠨᠡᠯᠡᠨ ᠵᠢᠱᠢᠬᠦ ᠶᠠᠪᠤᠴᠠ᠂  ᠤᠬᠠᠭᠠᠯᠠᠬᠤ᠂  ᠬᠡᠷᠡᠭᠵᠢᠭᠦᠯᠬᠦ ᠪᠠ ᠳ᠋ᠦᠡᠭᠨᠡᠬᠦ ᠠᠵᠢᠯ᠂ ᠡᠵᠡᠩᠨᠡᠯᠳᠡ ᠶᠢᠨ ᠦᠢᠯᠡᠴᠢᠯᠡᠭᠡᠨ ᠤ ᠦᠨᠳᠦᠰᠦᠨ ᠱᠠᠭᠠᠷᠳᠠᠯᠭ᠎ᠠ᠂ ᠦᠢᠯᠡᠴᠢᠯᠡᠭᠡᠨ ᠤ ᠱᠠᠭᠠᠷᠳᠠᠯᠭ᠎ᠠ᠂  ᠬᠠᠮᠢᠶᠠᠷᠤᠯᠲᠠ ᠶᠢᠨ ᠱᠠᠭᠠᠷᠳᠠᠯᠭ᠎ᠠ  ᠵᠡᠷᠭᠡ ᠠᠭᠤᠯᠭ᠎ᠠ ᠶᠢ ᠲᠣᠳᠣᠷᠬᠠᠶᠢᠯᠠᠬᠰᠠᠨ ᠪᠤᠯᠬᠤᠷ ᠡᠯ᠎ᠡ ᠱᠠᠲᠤᠨ ᠤ ᠡᠯ᠎ᠡ ᠲᠥᠷᠥᠯ ᠤᠨ  ᠣᠯᠠᠨ  ᠲᠦᠮᠡᠨ ᠤ  ᠪᠡᠶ᠎ᠡ ᠶᠢᠨ  ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠬᠢᠯᠡᠬᠦ ᠳᠤ ᠲᠣᠬᠢᠷᠠᠨ᠎ᠠ᠃  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号