ᠥᠨᠥᠳᠥᠷ ᠠᠴᠠ ᠡᠬᠢᠯᠡᠨ ᠲᠠᠭᠯᠠᠵᠤ ᠮᠡᠲᠡᠬᠦᠯᠬᠦ ᠬᠡᠷᠡᠭ ᠦᠭᠡᠢ︕
ᠨᠡᠶᠢᠲᠡᠯᠡᠭᠰᠡᠨ ᠴᠠᠭ᠄
2023/11/3
     ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠮᠡᠳᠡᠭᠡ ᠶᠢ ᠦᠨᠳᠦᠰᠦᠯᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ  ᠬᠠᠤᠯᠢ︾ ᠵᠢᠴᠢ  ᠲᠡᠭᠦᠨ ᠤ ᠬᠡᠷᠡᠭᠵᠢᠭᠦᠯᠬᠦ  ᠨᠠᠷᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠣᠭᠤᠮᠲᠠ ᠶᠢᠨ ᠶᠡᠷᠦᠩᠬᠡᠢ ᠵᠠᠬᠢᠷᠭ᠎ᠠ 2023 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ᠂ ᠬᠢᠯᠢ ᠪᠠᠷ ᠣᠷᠣᠵᠤ  ᠭᠠᠷᠬᠤ  ᠬᠥᠮᠥᠰ ︽ᠪᠥᠬᠦᠳᠡ  ᠨᠠᠶᠢᠷᠠᠮᠳᠠᠬᠤ ᠳᠤᠮᠳᠠᠳᠤ  ᠠᠷᠠᠳ  ᠤᠯᠤᠰ ᠤᠨ  ᠬᠢᠯᠢ ᠠᠴᠠ  ᠭᠠᠷᠬᠤ/ᠬᠢᠯᠢ ᠳᠤ ᠣᠷᠣᠬᠤ ᠡᠷᠡᠭᠦᠯ  ᠮᠡᠨᠳᠦ ᠶᠢᠨ ᠲᠣᠳᠣᠷᠬᠠᠶᠢᠯᠠᠯᠲᠠ ᠶᠢᠨ ᠺᠠᠷᠲ︾ ᠢ ᠲᠠᠭᠯᠠᠬᠤ ᠠᠴᠠ ᠬᠡᠯᠲᠦᠷᠢᠭᠦᠯᠪᠡ᠂ ᠭᠡᠪᠡᠴᠦ ᠬᠠᠯᠠᠭᠤᠷᠠᠬᠤ᠂  ᠬᠠᠨᠢᠶᠠᠬᠤ᠂  ᠠᠮᠢᠰᠬᠤᠯ  ᠴᠢᠬᠤᠯᠳᠠᠬᠤ᠂ ᠪᠥᠭᠡᠯᠵᠢᠬᠦ᠂ ᠰᠠᠭᠤᠯᠭᠠᠬᠤ᠂ ᠠᠷᠠᠰᠤᠨ ᠡᠰᠡᠷᠭᠡᠨ᠎ᠡ ᠭᠠᠷᠬᠤ᠂ ᠰᠢᠯᠲᠠᠭᠠᠨ ᠨᠢ ᠲᠣᠳᠣᠷᠬᠠᠢ ᠦᠭᠡᠢ ᠠᠷᠠᠰᠤᠨ ᠳᠣᠣᠷ᠎ᠠ  ᠴᠢᠰᠤ  ᠭᠠᠷᠬᠤ ᠵᠡᠷᠭᠡ ᠬᠠᠯᠳᠠᠪᠤᠷᠢᠲᠤ ᠡᠪᠡᠳᠴᠢᠨ ᠤ ᠢᠯᠡᠷᠡᠯ ᠲᠠᠢ ᠪᠤᠶᠤ ᠬᠠᠯᠳᠠᠪᠤᠷᠢᠲᠤ ᠴᠢᠨᠠᠷᠲᠠᠢ ᠡᠪᠡᠳᠴᠢᠨ ᠲᠠᠢ  ᠭᠡᠵᠦ  ᠨᠢᠭᠡᠨᠲᠡ  ᠣᠨᠣᠰᠢᠯᠠᠭᠰᠠᠨ ᠬᠢᠯᠢ ᠪᠠᠷ ᠣᠷᠣᠵᠤ ᠭᠠᠷᠬᠤ ᠬᠥᠮᠥᠰ ᠡᠷᠬᠡᠪᠰᠢ ᠰᠠᠨᠠᠭᠠᠴᠢᠯᠠᠭ᠎ᠠ ᠠᠴᠠ ᠪᠠᠨ ᠪᠣᠭᠤᠮᠲᠠ ᠳᠤ ᠡᠷᠡᠭᠦᠯ ᠮᠡᠨᠳᠦ ᠶᠢᠨ ᠮᠡᠳᠡᠭᠦᠯᠦᠯᠲᠡ ᠬᠢᠬᠦ ᠶᠢᠨ ᠬᠠᠮᠲᠤ ᠪᠣᠭᠤᠮᠲᠠ ᠲᠠᠢ ᠬᠠᠮᠵᠢᠯᠴᠠᠨ ᠪᠡᠶ᠎ᠡ ᠶᠢᠨ ᠳᠤᠯᠠᠭᠠᠨ ᠤ ᠪᠠᠶᠢᠴᠠᠭᠠᠯᠲᠠ᠂ ᠲᠠᠬᠤᠯ ᠡᠪᠡᠳᠴᠢᠨ ᠤ  ᠰᠤᠳᠤᠯᠤᠯ ᠤᠨ ᠪᠠᠶᠢᠴᠠᠭᠠᠯᠲᠠ᠂ ᠠᠨᠠᠭᠠᠬᠤ ᠤᠬᠠᠭᠠᠨ ᠤ ᠵᠢᠭᠰᠠᠭᠠᠨ ᠪᠠᠶᠢᠴᠠᠭᠠᠯᠲᠠ᠂ ᠥᠯᠢᠭᠡᠷ ᠠᠪᠴᠤ ᠪᠠᠶᠢᠴᠠᠭᠠᠨ ᠰᠢᠯᠭᠠᠬᠤ  ᠵᠡᠷᠭᠡ  ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯ ᠢ ᠰᠠᠶᠢᠲᠤᠷ ᠬᠢᠬᠦ  ᠬᠡᠷᠡᠭᠲᠡᠢ᠃ ᠬᠡᠷᠪᠡ  ᠬᠢᠵᠢᠭ ᠤᠨ ᠪᠠᠶᠢᠴᠠᠭᠠᠯᠲᠠ ᠶᠢ ᠨᠢᠭᠤᠨ ᠳᠠᠯᠳᠠᠯᠠᠭᠰᠠᠨ ᠪᠤᠶᠤ ᠬᠢᠵᠢᠭ ᠤᠨ ᠪᠠᠶᠢᠴᠠᠭᠠᠯᠲᠠ ᠠᠴᠠ ᠵᠠᠶᠢᠯᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠂ ᠬᠢᠵᠢᠭ ᠪᠠᠶᠢᠴᠠᠭᠠᠬᠤ ᠬᠡᠷᠡᠭ ᠲᠠᠢ ᠬᠠᠯᠳᠠᠪᠤᠷᠢᠲᠤ ᠡᠪᠡᠳᠴᠢᠨ ᠢ ᠳᠡᠯᠭᠡᠷᠡᠭᠦᠯᠦᠭᠰᠡᠨ  ᠪᠤᠶᠤ  ᠳᠡᠯᠭᠡᠷᠡᠭᠦᠯᠬᠦ  ᠬᠦᠨᠳᠦ ᠨᠣᠴᠢᠲᠠᠢ ᠠᠶᠤᠯ ᠢ ᠪᠤᠢ ᠪᠣᠯᠭᠠᠭᠰᠠᠨ ᠪᠠᠶᠢᠪᠠᠯ᠂ ᠬᠠᠮᠢᠶ᠎ᠠ ᠪᠦᠬᠦᠢ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠨ᠎ᠡ᠃  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号