︵ᠰᠤᠷᠪᠤᠯᠵᠢᠯᠠᠭᠴᠢ ᠯᠢᠦ ᠯᠢ ᠰᠢᠶᠠ︶ 11 ᠳ᠋ᠤᠭᠡᠷ ᠰᠠᠷ᠎ᠠ ᠶᠢᠨ 1 ᠤ ᠡᠳᠦᠷ᠂ ᠰᠣᠶᠣᠯ ᠪᠠ | ᠵᠢᠭᠤᠯᠴᠢᠯᠠᠯ ᠤᠨ ᠶᠠᠮᠤᠨ ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ | ᠲᠣᠭᠤᠷᠢᠭ ᠤᠨ ᠨᠡᠷᠡᠰ ᠢ ᠨᠡᠶᠢᠲᠡᠯᠡᠪᠡ᠃ ᠪᠥᠬᠦ ᠤᠯᠤᠰ ᠠᠴᠠ ᠨᠡᠶᠢᠲᠡ 54 ᠵᠢᠭᠤᠯᠴᠢᠯᠠᠯ ᠰᠡᠯᠡᠭᠦᠴᠡᠯ ᠤᠨ ᠵᠡᠭᠡᠯᠢ | ᠲᠣᠭᠤᠷᠢᠭ ᠰᠣᠩᠭᠤᠭᠳᠠᠨ ᠣᠷᠣᠵᠤ᠂ ᠮᠠᠨ ᠤ ᠬᠤᠲᠠ ᠶᠢᠨ ᠰᠢᠨ᠎ᠡ ᠬᠤᠲᠠ ᠲᠣᠭᠤᠷᠢᠭ ᠤᠨ ᠣᠪᠤᠭ᠎ᠠ ᠵᠢᠭᠤᠯᠴᠢᠯᠠᠯ | ᠰᠡᠯᠡᠭᠦᠴᠡᠯ ᠤᠨ ᠵᠡᠭᠡᠯᠢ ᠲᠣᠭᠤᠷᠢᠭ ᠰᠤᠩᠭᠤᠭᠳᠠᠪᠠ᠃ | ᠰᠢᠨ᠎ᠡ ᠬᠤᠲᠠ ᠲᠣᠭᠤᠷᠢᠭ ᠤᠨ ᠣᠪᠤᠭ᠎ᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠨᠢ ᠵᠢᠶᠠᠩᠨᠠᠨ ᠤ | ᠤᠰᠤᠨ ᠨᠤᠲᠤᠭ ᠤᠨ ᠴᠡᠴᠡᠷᠯᠢᠭ ᠤᠨ ᠦᠵᠡᠮᠵᠢ ᠪᠠᠷ ᠭᠤᠣᠯ ᠰᠡᠳᠦᠪ ᠪᠣᠯᠭᠠᠵᠤ᠂ ᠠᠯᠤᠰ ᠬᠡᠳᠦ ᠳᠤ ᠰᠠᠭᠤᠷᠢᠯᠠᠵᠤ᠂ | ᠬᠥᠮᠥᠨ ᠢᠷᠭᠡᠨᠰᠢᠯ᠂ ᠠᠮᠢ ᠠᠬᠤᠢᠢᠵᠢᠯᠲᠠ᠂ ᠣᠶᠤᠨᠴᠢᠯᠠᠯᠲᠠ ᠪᠠ ᠳᠡᠯᠡᠬᠡᠶᠢᠵᠢᠯᠲᠡ ᠶᠢᠨ ᠣᠨᠴᠠᠯᠢᠭ ᠲᠠᠢ ᠪᠠᠶᠢᠵᠤ᠂ | ᠮᠢᠩ ᠴᠢᠩ ᠤᠨ ᠦᠶ᠎ᠡ ᠶᠢᠨ ᠡᠷᠲᠡᠨ ᠤ ᠰᠣᠩᠭᠤᠳᠠᠭ ᠪᠠᠷᠢᠯᠭ᠎ᠠ ᠪᠣᠯᠣᠨ ᠡᠸᠦ᠋ᠷᠦᠫᠡ ᠮᠠᠶ᠋ᠢᠭ ᠤᠨ ᠪᠠᠷᠢᠯᠭ᠎ᠠ ᠢ ᠪᠦᠷᠢᠨ | ᠲᠡᠭᠦᠯᠳᠡᠷ ᠠᠭᠤᠰᠤᠯᠴᠠᠭᠤᠯᠵᠤ᠂ ᠰᠦᠷᠯᠢᠭ ᠰᠠᠶᠢᠬᠠᠨ ᠪᠠᠶᠢᠳᠠᠭ᠃ ᠥᠪᠡᠷᠮᠢᠴᠡ ᠣᠨᠴᠠᠯᠢᠭ ᠪᠦᠬᠦᠢ ᠭᠠᠵᠠᠷ | ᠣᠷᠣᠨ ᠤ ᠰᠣᠶᠣᠯ ᠤᠨ ᠷᠢᠳᠢ ᠰᠢᠳᠢ ᠪᠠ ᠵᠢᠶᠠᠩᠨᠠᠨ ᠤ ᠴᠡᠴᠡᠷᠯᠢᠭ ᠤᠨ ᠭᠤᠶᠢᠳᠠ ᠰᠠᠶᠢᠬᠠᠨ ᠥᠩᠭᠡ | ᠦᠵᠡᠮᠵᠢ ᠪᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠦᠢ ᠣᠯᠠᠨ ᠵᠤᠭᠠᠴᠠᠭᠰᠠᠳ ᠤᠨ ᠰᠣᠨᠢᠷᠬᠠᠯ ᠢ | ᠲᠠᠲᠠᠵᠤ᠂ ᠪᠥᠬᠦ ᠤᠯᠤᠰ ᠲᠤ ᠨᠡᠷ᠎ᠡ ᠠᠯᠳᠠᠷᠰᠢᠭᠰᠠᠨ ᠰᠦᠯᠵᠢᠶᠡᠨ ᠤ ᠣᠳᠣᠨ ᠲᠣᠰᠬᠤᠨ ᠪᠠ ᠵᠢᠭᠤᠯᠴᠢᠯᠠᠯ ᠤᠨ | ᠬᠠᠯᠠᠮᠰᠢᠯ ᠭᠠᠵᠠᠷ ᠪᠣᠯᠤᠭᠰᠠᠨ ᠪᠠᠶᠢᠨ᠎ᠠ᠃ ᠤᠷᠢᠳ ᠬᠤᠵᠢᠳ ︽ᠬᠥᠬᠡᠬᠤᠲᠠ ᠶᠢᠨ ᠬᠥᠳᠡᠭᠡ ᠲᠣᠰᠬᠤᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ︾ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ | ᠪᠠᠯᠭᠠᠰᠤ︾ ︽ᠥᠪᠡᠷᠲᠡᠭᠡᠨ ᠵᠠᠰᠠᠬᠤ ᠣᠷᠣᠨ ᠤ ᠠᠷᠪᠠᠨ ᠰᠦᠯᠵᠢᠶᠡᠨ ᠣᠳᠣᠨ ᠬᠠᠯᠠᠮᠰᠢᠯ ᠭᠠᠵᠠᠷ︾ ︽ | ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠵᠢᠭᠤᠯᠴᠢᠯᠠᠯ ᠤᠨ ᠵᠡᠭᠡᠯᠢ ᠲᠣᠭᠤᠷᠢᠭ︾ ︽ᠥᠪᠡᠷᠲᠡᠭᠡᠨ ᠵᠠᠰᠠᠬᠤ | ᠣᠷᠣᠨ ᠤ ᠰᠥᠨᠢ ᠶᠢᠨ ᠰᠣᠶᠣᠯ ᠵᠢᠭᠤᠯᠴᠢᠯᠠᠯ ᠤᠨ ᠲᠦᠪᠯᠡᠷᠡᠯ ᠤᠨ ᠣᠷᠣᠨ︾ ︽ᠪᠥᠬᠦ ᠤᠯᠤᠰ ᠤᠨ ᠪᠣᠯᠪᠠᠰᠤᠨ | ᠲᠣᠰᠬᠤᠨ ᠪᠠᠯᠭᠠᠰᠤ︾ ︽ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ | ᠲᠣᠰᠬᠤᠨ︾ ︽ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ︽ | ᠤᠯᠤᠰ ᠤᠨ ᠲᠠᠰ ᠤᠨ ᠣᠶ ᠰᠢᠭᠤᠢ ᠶᠢᠨ ᠬᠥᠳᠡᠭᠡ ᠲᠣᠰᠬᠤᠨ︾ ︽ᠪᠥᠬᠦ ᠤᠯᠤᠰ ᠤᠨ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠲᠣᠰᠬᠤᠨ︾ ︽ᠪᠦᠬᠦ | ᠤᠯᠤᠰ ᠤᠨ ᠲᠠᠷᠢᠶᠠᠴᠢᠳ ᠲᠤ ᠦᠢᠯᠡᠴᠢᠯᠡᠵᠦ᠂ ᠦᠨᠳᠦᠰᠦᠨ ᠱᠠᠲᠤᠨ ᠳᠤ ᠦᠢᠯᠡᠴᠢᠯᠡᠬᠦ ᠰᠣᠶᠣᠯ ᠤᠨ | ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠳᠡ ︾ ︽ᠳᠤᠮᠳᠠᠳᠤ ᠤᠯᠤᠰ ᠤᠨ ᠬᠠᠮᠤᠭ ᠤᠨ ᠭᠤᠶᠣ ᠬᠥᠳᠡᠭᠡ | ᠲᠣᠰᠬᠤᠨ ᠤ ᠵᠢᠭᠤᠯᠴᠢᠯᠠᠯ ᠤᠨ ᠵᠣᠷᠢᠵᠤ ᠬᠦᠷᠬᠦ ᠭᠠᠵᠠᠷ︾ ᠵᠡᠷᠭᠡ ᠢᠷᠠᠭᠤ ᠠᠯᠳᠠᠷ ᠤᠨ ᠴᠣᠯᠠ ᠭᠥᠷᠳᠡᠪᠡ᠃ |