︽ᠥᠩᠭᠡᠷᠡᠭᠰᠡᠨ ᠳᠤ ᠡᠮ ᠤᠨ ᠵᠦᠢᠯ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ᠂ ᠡᠮᠴᠢᠯᠡᠭᠡᠨ ᠤ ᠪᠠᠭᠠᠵᠢ | ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ ᠢ ᠠᠪᠬᠤ ᠳᠤ ᠭᠤᠶᠤᠴᠢᠯᠠᠭᠴᠢ ᠡᠷᠬᠡᠪᠰᠢ ᠲᠤᠬᠠᠢ ᠶᠢᠨ ᠭᠠᠵᠠᠷ ᠲᠤ ᠨᠢ | ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ ᠪᠠᠶᠢᠭᠰᠠᠨ ᠪᠣᠯ ᠣᠳᠣ ᠥᠪᠡᠷ ᠢᠶᠠᠨ ᠺᠣᠮᠫᠢᠦ᠋ᠲ᠋ᠧᠷ ᠢᠶᠠᠷ ᠬᠢᠵᠦ ᠴᠢᠳᠠᠬᠤ | ᠪᠣᠯᠤᠭᠰᠠᠨ ᠪᠥᠭᠡᠳ ᠬᠡᠷᠡᠭᠰᠡᠬᠦ ᠮᠠᠲ᠋ᠧᠷᠢᠶᠠᠯ ᠨᠢ ᠴᠤ ᠪᠠᠭᠠᠰᠪᠠ᠂ ᠦᠨᠡᠬᠡᠷ ᠳᠥᠭᠦᠮ ᠪᠣᠯᠵᠠᠢ︾ ᠭᠡᠵᠦ | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠲᠤ ᠰᠠᠭᠤᠭ᠎ᠠ ᠭᠦᠩ ᠰᠢᠶᠣᠣ ᠹᠧᠩ ᠰᠠᠶ᠋ᠢᠬᠠᠨ ᠣᠯᠣᠭᠰᠠᠨ ᠡᠮ ᠤᠨ | ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢᠶᠠᠨ ᠠᠳᠬᠤᠵᠤ ᠰᠡᠳᠬᠢᠯ ᠳᠣᠭᠳᠣᠯᠤᠨ ᠶᠠᠷᠢᠪᠠ᠃ | ᠣᠶᠢᠯᠠᠭᠠᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ | ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠪᠥᠬᠦ ᠲᠠᠯ᠎ᠠ ᠪᠠᠷ ᠠᠬᠢᠭᠤᠯᠪᠠ᠃ ᠰᠦᠯᠵᠢᠶᠡᠨ ᠳᠤ | ᠭᠦᠢᠴᠡᠳᠬᠡᠬᠦ᠂ ᠳ᠋ᠠᠶᠢᠲ᠋ᠠ ᠬᠤᠪᠢᠶᠠᠯᠴᠠᠵᠤ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠨᠠᠩ | ᠣᠯᠠᠨ ᠡᠮ ᠤᠨ ᠵᠦᠢᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠯᠡ ᠤᠳᠠᠭ᠎ᠠ | ᠣᠴᠢᠬᠤ︾ ᠪᠤᠶᠤ ︽ᠨᠢᠭᠡ ᠤᠳᠠᠭ᠎ᠠ ᠴᠤ ᠣᠴᠢᠬᠤ ᠦᠭᠡᠢ ᠪᠠᠷ ᠭᠦᠢᠴᠡᠳᠬᠡᠬᠦ︾ ᠶᠢ ᠠᠬᠢᠭᠤᠯᠪᠠ᠃ | ᠣᠳᠣᠬᠠᠨ ᠳᠤ᠂ ᠪᠥᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠴᠥᠮ ︽ᠦᠨᠡᠮᠯᠡᠯ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ᠃ | 4 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠱᠠᠲᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ︾ ᠢ ᠲᠠᠰ ᠳᠡᠪᠰᠢᠭᠦᠯᠦᠨ ᠥᠭᠡᠷᠡᠴᠢᠯᠡᠵᠦ᠂ 5 ᠳ᠋ᠤᠭᠠᠷ ᠰᠠᠷ᠎ᠠ ᠶᠢᠨ 10 ᠤ ᠡᠳᠦᠷ | ᠡᠯᠧᠺᠲᠷᠣᠨ ᠦᠨᠡᠮᠯᠡᠯ ᠢ ᠬᠤᠪᠢᠶᠠᠯᠴᠠᠨ ᠬᠡᠷᠡᠭᠯᠡᠬᠦ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ | ᠦᠨᠡᠮᠯᠡᠯ ᠦᠭᠡᠢ ᠪᠠᠷ ᠭᠦᠢᠴᠡᠳᠬᠡᠬᠦ︾ ᠳᠤ ᠮᠡᠷᠭᠡᠵᠢᠯ ᠤᠨ ᠲᠤᠰᠠᠯᠠᠮᠵᠢ ᠬᠠᠩᠭᠠᠵᠤ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠮ ᠤᠨ ᠵᠦᠢᠯ ᠤᠨ ᠬᠦᠷᠢᠶᠡᠨ ᠳᠠᠬᠢ 78 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠦᠨᠡᠮᠯᠡᠯ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ᠃ | 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ | ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠠᠰ ᠳᠡᠪᠰᠢᠭᠦᠯᠦᠨ ᠥᠭᠡᠷᠡᠴᠢᠯᠡᠵᠦ᠂ ︽ | ᠦᠨᠡᠮᠯᠡᠯ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ᠂ ᠨᠢᠭᠡ ᠦᠨᠡᠮᠯᠡᠯ ᠨᠢᠭᠡ | ᠬᠤᠯᠪᠣᠭᠠᠰᠤ ᠶᠢᠨ ᠣᠷᠣᠮ ᠦᠯᠡᠳᠡᠭᠡᠬᠦ ᠴᠢᠳᠠᠮᠵᠢ ᠶᠢᠨ ᠦᠢᠯᠡᠴᠢᠯᠡᠭᠡ᠂ ᠪᠠᠭᠤᠯᠭᠠᠭᠰᠠᠨ ᠬᠠᠮᠢᠶ᠎ᠠ ᠪᠦᠬᠦᠢ ᠦᠨᠡᠮᠯᠡᠯ | ᠪᠠ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠶᠠᠪᠤᠴᠠ ᠳᠤ ᠰᠢᠯᠵᠢᠭᠦᠯᠦᠨ ᠠᠪᠬᠤ ᠦᠢᠯᠡᠴᠢᠯᠡᠭᠡ ᠵᠡᠷᠭᠡ ᠶᠢ | ᠨᠡᠮᠡᠵᠦ᠂ ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ 20 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠲᠤ ︽ᠦᠨᠡᠮᠯᠡᠯ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ᠃ | ᠬᠤᠶᠢᠰᠢᠳᠠ ᠪᠦᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠠᠴᠠ ᠣᠲᠣ ᠶᠢᠨ ᠪᠠᠶᠢᠭ᠎ᠠ ᠵᠠᠰᠠᠭ ᠤᠨ ᠶᠠᠪᠤᠳᠠᠯ ᠤᠨ ᠬᠤᠪᠢᠶᠠᠯᠴᠠᠯ ᠢᠶᠠᠷ ᠮᠡᠳᠡᠭᠡ ᠶᠢ | ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠪᠣᠯᠬᠤ ᠶᠢ ᠨᠢ ᠭᠤᠶᠤᠴᠢᠯᠠᠭᠴᠢ ᠴᠥᠮ ᠰᠦᠯᠵᠢᠶᠡᠨ ᠳᠡᠭᠡᠷᠡᠬᠢ | ︽ᠡᠯᠧᠺᠲᠷᠣᠨ ᠦᠨᠡᠮᠯᠡᠯ ᠤᠨ ᠵᠥᠪᠰᠢᠶᠡᠷᠡᠯ︾ ᠢᠶᠠᠷ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠠᠴᠠ ᠬᠡᠯᠲᠦᠷᠢᠭᠦᠯᠵᠦ | ᠪᠣᠯᠣᠨ᠎ᠠ᠂ ᠠᠵᠢᠯᠲᠠᠨ ᠭᠤᠶᠤᠴᠢᠯᠠᠭᠴᠢ ᠶᠢᠨ ᠵᠥᠪᠰᠢᠶᠡᠷᠡᠯ ᠢᠶᠠᠷ ᠬᠠᠮᠢᠶ᠎ᠠ ᠪᠦᠬᠦᠢ ᠡᠯᠧᠺᠲᠷᠣᠨ ᠦᠨᠡᠮᠯᠡᠯ ᠤᠨ | ᠮᠡᠳᠡᠭᠡ ᠶᠢ ᠣᠯᠵᠤ᠂ ᠪᠣᠳᠠᠲᠠᠢ ᠭᠡᠷᠡᠴᠢᠯᠡᠯ ᠤᠨ ᠮᠠᠲ᠋ᠧᠷᠢᠶᠠᠯ ᠢ ᠣᠷᠣᠯᠠᠭᠤᠯᠵᠤ ᠪᠣᠯᠣᠨ᠎ᠠ᠃ ᠡᠨᠡ ᠨᠢ ᠣᠯᠠᠨ | ᠲᠦᠮᠡᠨ ᠳᠤ ᠲᠥᠬᠦᠮ ᠦᠵᠡᠭᠦᠯᠦᠨ᠂ ᠠᠵᠢᠯ ᠶᠠᠪᠤᠳᠠᠯ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠪᠡ᠃ | |