ᠮᠠᠨ ᠤ ᠣᠷᠣᠨ ᠠᠩᠬᠠᠳᠠᠭᠴᠢ ᠡᠨᠧᠷᠭᠢ ᠶᠢᠨ ᠬᠤᠷᠣᠭᠳᠠᠯ ᠢᠶᠠᠷ ᠪᠠᠭ᠎ᠠ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠭᠢᠯᠭᠠᠨ ᠵᠠᠳᠠᠯᠤᠯᠲᠠ ᠶᠢᠨ ᠣᠩᠭᠤᠴᠠ ᠶᠢ ᠠᠮᠵᠢᠯᠲᠠ ᠲᠠᠢ ᠦᠢᠯᠡᠳᠪᠦᠷᠢᠯᠡᠪᠡ
ᠨᠡᠶᠢᠲᠡᠯᠡᠭᠰᠡᠨ ᠴᠠᠭ᠄
2023/11/3
     10 ᠰᠠᠷ᠎ᠠ ᠶᠢᠨ 30 ᠤ ᠡᠳᠦᠷ᠂ ᠮᠠᠨ ᠤ ᠣᠷᠣᠨ ᠤ ᠠᠩᠬᠠᠳᠠᠭᠴᠢ ᠬᠤᠶᠠᠳᠤᠭᠠᠷ ᠦᠶ᠎ᠡ ᠶᠢᠨ 1500Nm3/h ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠭᠢᠯᠭᠠᠨ ᠵᠠᠳᠠᠯᠤᠯᠲᠠ ᠶᠢᠨ ᠣᠩᠭᠤᠴᠠ ᠪᠠ ᠭᠤᠷᠪᠠᠳᠤᠭᠠᠷ ᠦᠶ᠎ᠡ ᠶᠢᠨ 0.2MW ᠡᠨᠧᠷᠭᠢ ᠶᠢᠨ ᠬᠤᠷᠣᠭᠳᠠᠯ ᠢᠶᠠᠷ ᠭᠡᠳᠦ ᠪᠠᠭ᠎ᠠ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠭᠢᠯᠭᠠᠨ ᠵᠠᠳᠠᠯᠤᠯᠲᠠ ᠶᠢᠨ ᠣᠩᠭᠤᠴᠠ ᠶᠢ ᠦᠢᠯᠡᠳᠪᠦᠷᠢᠯᠡᠵᠦ ᠭᠠᠷᠭᠠᠭᠰᠠᠨ ᠶᠣᠰᠣᠯᠠᠯ ᠣᠷᠳᠣᠰ ᠬᠤᠳᠠ ᠶᠢᠨ ᠳᠡᠭᠡᠳᠦ ᠰᠢᠨ᠎ᠡ ᠲᠧᠭᠨᠢᠭ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃ ᠲᠣᠰ ᠬᠤᠶᠠᠷ ᠲᠦᠷᠦᠯ ᠤᠨ ᠴᠠᠭᠢᠯᠭᠠᠨ ᠵᠠᠳᠠᠯᠤᠯᠲᠠ ᠶᠢᠨ ᠣᠩᠭᠤᠴᠠ ᠶᠢ ᠠᠮᠵᠢᠯᠲᠠ ᠲᠠᠢ ᠦᠢᠯᠡᠳᠪᠦᠷᠢᠯᠡᠭᠰᠡᠨ ᠨᠢ ᠮᠠᠨ ᠤ ᠣᠷᠣᠨ ᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠪᠠᠰᠠ ᠨᠢᠭᠡᠨ ᠬᠥᠰᠢᠶ᠎ᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠪᠥᠭᠡᠳ ᠣᠷᠳᠣᠰ ᠬᠤᠳᠠ ᠶᠢᠨ ᠡᠨᠧᠷᠭᠢ ᠶᠢᠨ ᠠᠵᠤ ᠦᠢᠯᠡᠰ ᠤᠨ ᠭᠡᠯᠪᠡᠷᠢ  ᠪᠠᠨ ᠬᠤᠪᠢᠷᠠᠭᠤᠯᠤᠨ ᠲᠠᠰ ᠳᠡᠪᠰᠢᠭᠰᠡᠨ ᠰᠢᠨ᠎ᠡ ᠭᠢᠯᠠᠰ ᠴᠡᠭ ᠪᠣᠯᠪᠠ᠃      ᠲᠤᠰ ᠬᠤᠶᠠᠷ ᠲᠦᠷᠦᠯ ᠤᠨ ᠥᠨᠳᠥᠷ ᠳᠤᠯᠠᠭᠠᠨ ᠳᠤ ᠱᠦᠯᠲᠦᠯᠢᠭ ᠴᠢᠨᠠᠷᠲᠠᠢ ᠤᠰᠤᠲᠥ᠋ᠷᠥᠭᠴᠢ ᠦᠢᠯᠡᠳᠬᠦ ᠴᠠᠭᠢᠯᠭᠠᠨ ᠵᠠᠳᠠᠯᠤᠯᠲᠠ ᠶᠢᠨ ᠣᠩᠭᠤᠴᠠ ᠶᠢ ᠣᠷᠳᠣᠰ ᠬᠤᠳᠠ ᠶᠢᠨ ᠭᠦᠸᠧ ᠱᠧᠩ ᠯᠢ ᠬᠤᠸᠠ ᠤᠰᠤᠲᠥ᠋ᠷᠥᠭᠴᠢ  ᠶᠢᠨ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠬᠢᠵᠠᠭᠠᠷᠲᠤ ᠺᠤᠮᠫᠠᠨᠢ ᠪᠠ ᠴᠢᠩᠬᠤᠸᠠ ᠶᠡᠭᠡ ᠰᠤᠷᠭᠠᠭᠤᠯᠢ ᠶᠢᠨ ᠡᠨᠧᠷᠭᠢ ᠪᠣᠯᠣᠨ ᠬᠥᠳᠡᠯᠭᠡᠬᠦ ᠬᠦᠴᠦᠨ ᠤ ᠢᠨᠵᠧᠨᠧᠷᠢᠩ ᠤᠨ ᠰᠠᠯᠪᠤᠷᠢ ᠬᠠᠮᠲᠤ ᠪᠠᠷ ᠰᠤᠳᠤᠯᠤᠨ ᠨᠡᠭᠡᠭᠡᠵᠡᠢ᠃ ᠴᠠᠭᠢᠯᠭᠠᠨ ᠵᠠᠳᠠᠯᠤᠯᠲᠠ ᠶᠢᠨ ᠲᠤᠶᠢᠯ ᠤᠨ ᠬᠠᠪᠲᠠᠰᠤ ᠵᠢᠴᠢ ᠬᠠᠯᠠᠭᠤᠨ ᠤᠷᠤᠰᠤᠮᠠᠯ ᠪᠡᠶᠡᠲᠦ ᠶᠢᠨ ᠲᠠᠷᠬᠠᠯᠲᠠ ᠶᠢᠨ ᠴᠠᠭᠢᠯᠭᠠᠨ ᠭᠦᠶᠦᠳᠡᠯ ᠤᠨ ᠮᠡᠷᠭᠡᠵᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠴᠠᠭᠢᠯᠭᠠᠨ ᠵᠠᠳᠠᠯᠤᠯᠲᠠ ᠶᠢᠨ ᠴᠠᠭᠢᠯᠭᠠᠨ ᠤ ᠬᠤᠷᠣᠭᠳᠠᠯ ᠢ ᠪᠠᠭᠠᠰᠬᠠᠵᠤ᠂ ᠴᠠᠭᠢᠯᠭᠠᠨ ᠵᠠᠳᠠᠯᠤᠯᠲᠠ ᠶᠢᠨ ᠴᠠᠭᠢᠯᠭᠠᠨ ᠬᠡᠷᠡᠭᠯᠡᠬᠦ ᠥᠪᠡᠷ ᠤᠨ ᠦᠷᠳᠡᠭ  ᠢ ᠠᠷᠪᠢᠯᠠᠬᠤ ᠶᠢᠨ ᠬᠠᠮᠲᠤ ᠠᠶᠤᠯᠭᠦᠢ ᠪᠥᠭᠡᠳ ᠨᠠᠶᠢᠳᠠᠪᠤᠷᠢᠲᠠᠢ᠂ ᠬᠡᠷᠡᠭᠯᠡᠭᠡᠨ ᠤ ᠠᠮᠢ ᠨᠠᠰᠤ ᠤᠷᠳᠤ᠂ ᠤᠰᠤᠲᠥ᠋ᠷᠥᠭᠴᠢ ᠦᠢᠯᠡᠳᠬᠦ ᠠᠰᠢᠭᠯᠠᠮᠵᠢ ᠥᠨᠳᠥᠷ᠂ ᠤᠰᠤᠲᠥ᠋ᠷᠥᠭᠴᠢ ᠡᠭᠦᠰᠬᠡᠬᠦ ᠳᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠵᠤ ᠪᠤᠯᠬᠤ ᠵᠡᠷᠭᠡ ᠣᠨᠴᠠᠯᠢᠭ ᠲᠠᠢ ᠪᠠᠶᠢᠵᠤ᠂ ᠳᠡᠯᠡᠬᠡᠢ ᠶᠢᠨ ᠲᠡᠷᠢᠭᠦᠨ  ᠤ ᠲᠦᠪᠰᠢᠨ ᠳᠤ ᠭᠦᠷᠦᠭᠰᠡᠨ ᠪᠠᠶᠢᠨ᠎ᠠ᠃ ᠲᠣᠰ ᠦᠢᠯᠡᠳᠬᠦᠨ ᠢ ᠪᠣᠬᠢᠷᠳᠤᠯ ᠦᠭᠡᠢ ᠴᠠᠭᠢᠯᠭᠠᠨ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠵᠢᠴᠢ ᠪᠣᠬᠢᠷᠳᠤᠯ ᠦᠭᠡᠢ ᠬᠢᠮᠢ ᠶᠢᠨ ᠠᠵᠤ ᠦᠢᠯᠡᠳᠪᠦᠷᠢ᠂ ᠰᠠᠯᠬᠢᠨ ᠬᠦᠴᠦ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠵᠡᠷᠭᠡ ᠬᠦᠷᠢᠶᠡᠨ ᠳᠤ ᠬᠡᠷᠡᠭᠯᠡᠵᠦ ᠪᠤᠯᠬᠤ ᠪᠥᠭᠡᠳ ᠳᠠᠬᠢᠯᠲᠠ ᠡᠨᠧᠷᠭᠢ ᠶᠢᠨ ᠶᠡᠭᠡ ᠬᠡᠪᠴᠢᠶ᠎ᠡ ᠪᠠᠷ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠭᠤᠣᠯ ᠳᠤᠨᠤᠭ ᠲᠥᠬᠦᠭᠡᠷᠦᠮᠵᠢ ᠪᠠᠶᠢᠵᠤ᠂ ᠪᠦᠭᠦ᠋ᠢᠯᠡ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号