ᠬᠤᠷᠢᠨᠭᠡᠷ ᠰᠢᠶᠠᠨ ︽ᠪᠣᠬᠢᠷᠲᠤᠯ ᠥᠬᠡᠶ ᠬᠤᠤᠷ ᠥᠬᠡᠶ ᠡᠷᠡᠭᠦᠯ ᠴᠢᠭᠢᠷᠠᠭ ᠬᠥᠮᠦᠨ ᠤ ᠠᠮᠢᠳᠤᠷᠠᠯ︾ ᠬᠤᠤᠷᠲᠤ ᠡᠳ᠋ ᠢ ᠴᠠᠭᠠᠵᠠᠯᠠᠬᠤ ᠪᠦᠲᠦᠭᠡᠯ ᠡᠯᠰᠡᠬᠦ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/11/30
     ᠶᠡᠷᠦᠩᠬᠡᠶ ᠱᠦᠵᠢ ᠰᠢ ᠶᠢᠨ ᠫᠢᠩ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠰᠤᠷᠤᠭᠴᠢᠳ ᠤᠨ ᠬᠤᠤᠷ ᠲᠠᠨᠢᠬᠤ᠂ ᠬᠤᠤᠷ ᠰᠡᠷᠭᠡᠶᠢᠯᠡᠬᠦ᠂ ᠬᠤᠤᠷ ᠡᠰᠡᠷᠭᠦᠴᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 29 ᠤ ᠡᠳᠦᠷ᠂ ᠬᠤᠷᠢᠨᠭᠡᠷ ᠰᠢᠶᠠᠨ ᠤ ᠬᠤᠤᠷ ᠴᠠᠭᠠᠵᠠᠯᠠᠬᠤ ᠠᠯᠪᠠᠨ ᠬᠡᠷ ᠬᠤᠷᠢᠨᠭᠡᠷ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠲᠠᠢ ᠬᠠᠮᠲᠤᠷᠠᠨ 2023 ᠣᠨ ᠤ ᠬᠤᠤᠷᠲᠤ ᠡᠳ᠋ ᠴᠠᠭᠠᠵᠠᠯᠠᠬᠤ ᠪᠦᠲᠦᠭᠡᠯ ᠡᠯᠰᠡᠬᠦ ᠤᠷᠤᠯᠳᠤᠭᠠᠨ ᠶᠠᠪᠤᠭᠤᠯᠪᠠ᠃      30 ᠭᠠᠷᠤᠶ ᠰᠣᠷᠣᠭᠴᠢ ᠤᠷᠤᠯᠳᠤᠭᠠᠨ ᠳᠤ ᠣᠷᠣᠯᠴᠠᠭᠰᠠᠳ ᠥᠪᠡᠷ ᠤᠨ ᠬᠤᠯᠪᠣᠨ ᠪᠣᠳᠣᠯᠲᠠ ᠪᠠᠨ  ᠭᠦᠢᠴᠡᠳ ᠪᠠᠳᠠᠷᠠᠭᠤᠯᠵᠤ᠂ ᠬᠤᠤᠷᠲᠤ ᠡᠳ᠋ ᠢ ᠴᠠᠭᠠᠵᠠᠯᠠᠬᠤ ᠠᠮᠢᠳᠤᠯᠢᠭ ᠳᠦᠷᠰᠦᠯᠢᠭ ᠵᠢᠷᠤᠭ ᠤᠳ ᠢ ᠵᠣᠬᠢᠶᠠᠨ ᠪᠦᠲᠦᠭᠡᠵᠦ᠂ ᠥᠪᠡᠷ ᠢ ᠪᠠᠨ ᠴᠦ ᠬᠤᠤᠷᠲᠤ ᠡᠳ᠋ ᠠᠴᠠ ᠬᠤᠯᠠᠳᠠᠵᠤ᠂ ᠠᠮᠢ ᠨᠠᠰᠤ ᠪᠠᠨ ᠨᠠᠨᠳᠢᠩᠨᠠᠬᠤ ᠬᠡᠷᠡᠭᠲᠡᠶ ᠭᠡᠵᠦ ᠰᠡᠷᠡᠮᠵᠢᠯᠡᠭᠦᠯᠵᠡᠶ᠃ ᠤᠷᠠᠨ ᠪᠦᠲᠦᠭᠡᠯ ᠨᠢ ᠵᠢᠷᠤᠭ ᠤᠨ ᠷᠢᠳᠢ ᠰᠢᠳᠢ ᠶᠢ ᠢᠯᠡᠷᠡᠭᠦᠯᠬᠦ ᠶᠢᠨ ᠵᠡᠷᠭᠡ ᠳᠤ ᠬᠤᠤᠷᠲᠤ ᠡᠳ᠋ ᠴᠠᠭᠠᠵᠠᠯᠠᠬᠤ ᠬᠠᠮᠤᠭ ᠤᠨ ᠴᠢᠩᠭ᠎ᠠ ᠳᠠᠭᠤᠨ ᠢ ᠳᠠᠮᠵᠢᠭᠤᠯᠳᠠᠭ᠃ ᠵᠣᠬᠢᠶᠠᠨ ᠪᠦᠲᠦᠭᠡᠯᠭᠡ ᠶᠢᠨ ᠳᠤᠮᠳᠠ ᠪᠠᠨ ᠬᠤᠤᠷᠲᠤ ᠡᠳ᠋ ᠢ ᠴᠠᠭᠠᠵᠠᠯᠠᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠰᠠᠨ ᠤ ᠳᠠᠷᠠᠭ᠎ᠠ ᠬᠤᠤᠷᠲᠤ ᠡᠳ᠋ ᠤᠨ ᠬᠤᠤᠷ ᠬᠥᠨᠥᠭᠡᠯ ᠢ ᠴᠠᠭᠠᠰᠤᠨ ᠳᠡᠭᠡᠷ᠎ᠡ ᠢᠯᠡᠷᠡᠭᠦᠯᠵᠦ᠂ ᠪᠥᠬᠦ ᠪᠠᠭᠰᠢ ᠰᠤᠷᠤᠭᠴᠢᠳ ᠢ ᠠᠮᠢ ᠨᠠᠰᠤ ᠪᠠᠨ ᠨᠠᠨᠳᠢᠩᠨᠠᠨ᠂ ᠬᠤᠤᠷᠲᠤ ᠡᠳ᠋ ᠠᠴᠠ ᠬᠤᠯᠠᠳᠠᠬᠤ ᠶᠢ ᠰᠡᠷᠡᠮᠵᠢᠯᠡᠭᠦᠯᠵᠡᠶ᠃      ᠲᠣᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠬᠤᠤᠷ ᠬᠥᠨᠥᠭᠡᠯᠲᠦ ᠴᠢᠨᠠᠷ ᠪᠠ ᠬᠤᠤᠷᠲᠤ ᠡᠳ᠋ ᠴᠠᠭᠠᠵᠠᠯᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠬᠤᠤᠷᠲᠤ ᠡᠳ᠋ ᠴᠠᠭᠠᠵᠠᠯᠠᠬᠤ ᠤᠬᠠᠮᠰᠠᠷ ᠪᠠ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠵᠤ᠂ ᠵᠠᠯᠠᠭᠤᠴᠤᠳ ᠪᠠᠭᠠᠴᠤᠳ ᠤᠨ ᠬᠤᠤᠷᠲᠤ ᠡᠳ᠋ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠢᠳᠡᠪᠬᠢ ᠬᠦᠴᠦᠨ ᠢ ᠤᠯᠠᠮᠵᠢᠯᠠᠵᠠᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号