ᠪᠥᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠬᠤᠷᠠᠯ ᠤᠨ ᠳᠠᠷᠠᠭ᠎ᠠ ᠮᠠᠨ ᠤ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/30
           11 ᠰᠠᠷ᠎ᠠ ᠶᠢᠨ 25 ᠤ ᠡᠳᠦᠷ᠂ ᠪᠥᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠵᠤ᠂ ᠬᠤᠷᠢᠨᠭᠡᠷ ᠰᠢᠶᠠᠨ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠢᠦᠶ ᠵᠤ᠋ ᠨᠥᠬᠦᠷ ᠢ ᠤᠷᠢᠵᠤ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠯ ᠬᠢᠯᠭᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠳᠠᠲᠤ ᠶᠠᠪᠤᠳᠠᠯ ᠤᠨ ᠡᠭᠦᠳᠡᠨ ᠠᠴᠠ ᠡᠭᠦᠰᠴᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠬᠠᠮᠢᠶ᠎ᠠ ᠪᠥᠬᠦᠶ ᠣᠨᠣᠯ ᠤᠨ ᠮᠡᠳᠡᠯᠭᠡ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠠᠵᠢᠯ ᠤᠨ ᠣᠳᠣᠬᠢ ᠪᠠᠶᠢᠳᠠᠯ᠂ ᠠᠵᠢᠯ ᠤᠨ ᠱᠠᠭᠠᠷᠳᠠᠯᠭ᠎ᠠ ᠵᠡᠷᠭᠡ ᠲᠠᠯ᠎ᠠ ᠪᠠᠷ ᠣᠨᠣᠯ ᠪᠠ ᠪᠣᠳᠠᠲᠠᠶ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠠᠷᠢᠨ ᠨᠢᠮᠪᠠᠶ ᠲᠠᠶᠢᠯᠪᠤᠷᠢᠯᠠᠯᠲᠠ ᠬᠢᠵᠦ᠂ ᠮᠠᠰᠢ ᠥᠨᠳᠥᠷ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠲᠠᠷᠠᠭᠠᠴᠢ ᠶᠢᠨ ᠠᠯᠬᠤᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠬᠦᠴᠦᠯᠡᠬᠦ ᠴᠡᠭ ᠪᠠ ᠲᠤᠰᠤᠯᠲᠠ ᠶᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃      ᠬᠤᠷᠠᠯ ᠠᠴᠠ ᠥᠪᠥᠷ ᠮᠣᠩᠭᠤᠯ ᠤᠨ ᠯᠢᠩ ᠳ᠋ᠦᠩ ᠺᠣᠮᠫᠠᠨᠢ ᠶᠢᠨ ᠳ᠋ᠤᠸᠠᠨ ᠰᠢᠶᠤᠤ ᠫᠢᠩ ᠪᠠᠭᠰᠢ ᠶᠢ ᠤᠷᠢᠵᠤ ᠂ ᠰᠦᠯᠵᠢᠶᠡᠨ ᠤ ᠥᠷᠲᠡᠭᠡ᠂ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢᠨ ᠵᠢᠷᠤᠮᠵᠢᠯ᠂ ᠠᠵᠢᠯᠯᠠᠭᠤᠯᠵᠤ ᠪᠠᠲᠤᠯᠠᠬᠤ ᠵᠢᠷᠤᠮᠵᠢᠯ ᠵᠢᠴᠢ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠣᠳᠣᠷᠬᠠᠶᠢᠯᠠᠯᠲᠠ ᠵᠡᠷᠭᠡ ᠲᠠᠯ᠎ᠠ ᠪᠠᠷ ᠤᠯᠤᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠬᠢᠨᠠᠨ ᠰᠢᠯᠭᠠᠬᠤ ᠨᠠᠷᠢᠨ ᠲᠦᠷᠢᠮ ᠳᠤ ᠭᠦᠨᠵᠡᠭᠡᠶ ᠲᠠᠶᠢᠯᠤᠮᠵᠢ ᠬᠢᠯᠭᠡᠵᠦ᠂ ᠠᠵᠢᠯᠲᠠᠳ ᠲᠤ ᠲᠠᠪᠴᠠᠩ ᠤᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠬᠠᠮᠢᠶ᠎ᠠ ᠪᠥᠬᠦᠶ ᠲᠣᠭᠲᠠᠭᠠᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠠᠶ᠃      ᠬᠤᠷᠠᠯ ᠠᠴᠠ ᠣᠳᠣᠬᠠᠨ ᠤ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠳᠤ ᠭᠦᠨᠵᠡᠭᠡᠶ ᠵᠠᠳᠠᠯᠤᠯᠲᠠ ᠬᠢᠵᠦ᠂ ᠪᠦᠬᠦ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠶᠢᠳᠠᠯ ᠢ ᠲᠣᠳᠣᠷᠬᠠᠶ ᠲᠠᠨᠢᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠯᠭᠠᠨ ᠦᠨᠡᠯᠡᠬᠦ ᠨᠠᠷᠢᠨ ᠲᠦᠷᠢᠮ ᠢ ᠬᠠᠷᠭᠤᠭᠤᠯᠵᠤ᠂ ᠠᠰᠠᠭᠤᠳᠠᠯ ᠢ ᠡᠮᠬᠢᠯᠡᠨ᠂ ᠳᠤᠲᠠᠭᠤᠳᠠᠯ ᠢ ᠨᠥᠬᠦᠪᠥᠷᠢᠯᠡᠵᠦ᠂ ᠪᠥᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠤᠷᠠᠯ ᠲᠡᠭᠦᠰᠦᠭᠰᠡᠨ ᠤ ᠳᠠᠷᠠᠭ᠎ᠠ᠂ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠭᠤᠴᠠᠯᠭᠠᠲᠠᠨ ᠲᠠᠷᠠᠭᠠᠴᠢ ᠶᠢᠨ ᠠᠯᠬᠤᠮ ᠤᠨ ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠠᠳᠬᠤᠬᠤ ᠲᠤᠬᠠᠶ ᠴᠢᠬᠤᠯᠠᠴᠢᠯᠠᠭᠰᠠᠨ ᠨᠢ᠂ ᠨᠢᠭᠡ ᠳᠤ ᠠᠰᠠᠭᠤᠳᠠᠯ ᠳᠤ ᠵᠥᠪ ᠢᠶᠠᠷ ᠬᠠᠨᠳᠤᠵᠤ᠂ ᠴᠢᠬᠤᠯᠠᠴᠢᠯᠠᠬᠤ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠯᠭᠠᠨ ᠦᠨᠡᠯᠡᠬᠦ ᠨᠠᠷᠢᠨ ᠲᠦᠷᠢᠮ ᠤᠨ ᠪᠠᠷᠢᠮᠵᠢᠶ᠎ᠠ ᠲᠠᠢ ᠬᠠᠷᠭᠤᠭᠤᠯᠵᠤ᠂ ᠲᠣᠰ ᠨᠢᠭᠡᠴᠢ ᠶᠢᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠪᠥᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠠᠮᠤᠭ ᠤᠨ ᠣᠬᠤᠷ ᠬᠤᠭᠤᠴᠠᠭᠠᠨ ᠳᠤ ᠪᠡᠶᠡᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠪᠦᠲᠦᠮᠵᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠬᠠᠷᠠᠯᠲᠠ ᠪᠠᠨ ᠲᠣᠳᠣᠷᠬᠠᠶ ᠪᠣᠯᠭᠠᠵᠤ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠨ ᠰᠠᠶᠢᠲᠤᠷ ᠠᠳᠬᠤᠬᠤ ᠬᠡᠷᠡᠭᠲᠡᠢ᠃ ᠨᠢᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠡᠷᠴᠢᠮ ᠢ ᠬᠦᠴᠦᠯᠡᠨ ᠴᠢᠩᠭᠠᠷᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠪᠣᠯᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠨ᠎ᠠ︔ ᠨᠥᠭᠦᠭᠡ ᠲᠠᠯ᠎ᠠ ᠪᠠᠷ ᠲᠠᠶᠢᠯᠤᠮᠵᠢ ᠬᠢᠵᠦ ᠬᠠᠷᠢᠭᠤ ᠥᠭᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠲᠠᠶᠢᠯᠤᠮᠵᠢ ᠬᠢᠬᠦ ᠶᠣᠰᠣᠲᠠᠶ᠂ ᠠᠯᠢ ᠴᠢᠳᠠᠬᠤ ᠪᠠᠷ ᠲᠠᠶᠢᠯᠤᠮᠵᠢ ᠬᠢᠬᠦ︾ ︽ᠬᠡᠨ ᠲᠤᠭᠤᠷᠪᠢᠪᠠᠯ ᠲᠡᠷᠡ ᠲᠠᠶᠢᠯᠤᠮᠵᠢ ᠬᠢᠬᠦ︾ ᠵᠠᠷᠴᠢᠮ ᠢ ᠪᠠᠷᠢᠮᠲᠠᠯᠠᠨ᠂ ᠰᠡᠳᠬᠢᠮᠵᠢ ᠶᠢᠨ ᠰᠢᠨ᠎ᠡ ᠶᠢ ᠡᠭᠦᠳᠴᠦ᠂ ᠠᠯᠢ ᠴᠢᠳᠠᠬᠤ ᠪᠠᠷ ᠬᠢᠯᠪᠠᠷ ᠣᠶᠢᠯᠠᠭᠠᠮᠵᠢᠲᠠᠶ ᠦᠭᠡ ᠬᠡᠯᠡ ᠥᠰᠥᠭ ᠪᠢᠴᠢᠭ ᠢ ᠬᠡᠷᠡᠭᠯᠡᠨ᠂ ᠵᠢᠷᠤᠭ ᠤᠨ ᠲᠠᠶᠢᠯᠪᠤᠷᠢ᠂ ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠶ᠃ ᠭᠤᠷᠪᠠ ᠳᠤ ᠬᠠᠷᠢᠭᠤᠴᠠᠯᠭ᠎ᠠ ᠪᠠᠨ ᠡᠭᠦᠷᠭᠡᠯᠡᠵᠦ᠂ ᠦᠨᠳᠦᠰᠦᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠮᠥᠨ᠂ ᠪᠠᠰᠠ ᠴᠤ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠲᠡᠷᠡ ᠨᠢ ᠪᠦᠬᠦ ᠰᠢᠶᠠᠨ ᠤ 9 ᠰᠢᠶᠠᠩ ᠪᠠᠯᠭᠠᠰᠤ ︵ᠨᠡᠭᠡᠭᠡᠯᠲᠡ ᠶᠢᠨ ᠲᠤᠭᠤᠷᠢᠭ︶ ᠪᠣᠯᠤᠨ 27 ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ 4 ᠵᠤᠷᠪᠤᠰ ᠬᠠᠮᠢᠶᠠᠷᠤᠯᠲᠠ ᠳᠤ ᠬᠤᠯᠪᠣᠭᠳᠠᠵᠤ ᠪᠠᠶᠢᠳᠠᠭ᠂ ᠠᠵᠢᠯ ᠦᠢᠯᠡᠰ ᠤᠨ ᠨᠢᠭᠡᠴᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠡᠨᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号