ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠰᠠᠭᠤᠷᠢ ᠪᠣᠯᠬᠤ ᠪᠠᠶᠢᠷᠢ ᠰᠠᠭᠤᠷᠢ ᠶᠢ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠵᠤ᠂ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ | ᠡᠪᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ | ᠬᠥᠭᠵᠢᠭᠡᠵᠦ᠂ ᠥᠨᠳᠥᠷ ᠪᠦᠲᠦᠮᠵᠢᠲᠡᠢ ᠵᠢᠷᠤᠮᠵᠢᠯ ᠲᠠᠢ᠂ ᠡᠷᠬᠡ ᠲᠡᠭᠰᠢ ᠪᠠᠷ ᠦᠷᠢᠰᠦᠯᠳᠦᠬᠦ᠂ ᠭᠦᠢᠴᠡᠳ | ᠨᠡᠭᠡᠭᠡᠯᠲᠡᠲᠡᠢ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠲᠦᠷᠭᠡᠨ ᠪᠠᠶᠢᠭᠤᠯᠵᠤ᠂ 11 ᠰᠠᠷ᠎ᠠ ᠶᠢᠨ 2 ᠤᠨ ᠡᠳᠦᠷ᠂ | ᠬᠤᠷᠢᠨᠭᠡᠷ ᠰᠢᠶᠠᠨ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ | ᠬᠤᠭᠤᠷᠣᠨᠳᠣᠬᠢ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠰᠢᠶᠠᠨ ᠤ ᠡᠷᠬᠡ ᠲᠡᠭᠰᠢ ᠪᠠᠷ ᠦᠷᠢᠰᠦᠯᠳᠦᠬᠦ ᠶᠢ | ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ | ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ 2023 ᠣᠨ ᠤ ᠬᠥᠬᠡᠬᠤᠲᠠ ᠶᠢᠨ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ | ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠥᠷᠭᠡᠳᠬᠡᠭᠰᠡᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠷᠢᠨᠭᠡᠷ ᠰᠢᠶᠠᠨ ᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ | ᠪᠠᠶᠢᠴᠠᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠤᠭᠰᠠᠨ ᠪᠥᠭᠡᠳ ︽ᠨᠢᠭᠡᠳᠦᠯᠲᠡᠶ ᠵᠠᠬ᠎ᠠ ᠳᠡᠯᠭᠡᠭᠦᠷ ᠪᠠ ᠡᠷᠬᠡ | ᠲᠡᠭᠰᠢ ᠪᠠᠷ ᠥᠷᠢᠰᠥᠯᠳᠦᠬᠦ ᠶᠢ ᠬᠠᠷᠰᠢᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠥᠪᠯᠡᠷᠡᠭᠦᠯᠦᠨ | ᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠭᠤᠯᠤᠮᠵᠢ ᠶᠢᠨ ᠪᠢᠴᠢᠭ︾ ᠤᠨ ᠬᠠᠮᠢᠶ᠎ᠠ ᠪᠥᠬᠦᠶ ᠠᠭᠤᠯᠭ᠎ᠠ ᠶᠢ | ᠤᠯᠠᠮᠵᠢᠯᠠᠪᠠ᠃ | ᠬᠤᠷᠠᠯ ᠠᠴᠠ᠂ ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠶᠢᠨ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠠᠵᠢᠯ ᠢᠶᠠᠨ ᠨᠠᠷᠢᠨ ᠪᠣᠳᠠᠲᠠᠢ ᠬᠢᠵᠦ᠂ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠵᠢᠴᠢ ᠬᠡᠷᠡᠭᠵᠢᠭᠦᠯᠬᠦ ᠶᠠᠪᠤᠴᠠ ᠳᠤ ᠡᠭᠦᠰᠦᠭᠰᠡᠨ | ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ | ᠵᠠᠯᠠᠷᠠᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠲᠦᠷᠢᠮ ᠤᠨ ᠭᠦᠨᠵᠡᠭᠡᠢ | ᠬᠡᠷᠡᠭᠵᠢᠭᠦᠯᠦᠭᠳᠡᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ︔ ᠬᠤᠶᠠᠷ ᠲᠤ᠂ ᠬᠢᠨᠠᠨ ᠪᠠᠶᠢᠴᠠᠭᠠᠬᠤ | ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠣᠰ ᠨᠢᠭᠡᠴᠢ ᠶᠢᠨ ᠢᠶᠠᠨ | ᠲᠤᠬᠠᠶᠢᠯᠠᠭᠰᠠᠨ ᠠᠵᠢᠯ ᠲᠠᠢ ᠤᠶᠠᠯᠳᠤᠭᠤᠯᠤᠨ᠂ ᠤᠬᠠᠭᠤᠯᠭ᠎ᠠ ᠪᠠ ᠰᠤᠷᠤᠯᠴᠠᠯᠭ᠎ᠠ ᠶᠢ ᠢᠳᠡᠪᠬᠢᠲᠡᠶ ᠥᠷᠨᠢᠭᠦᠯᠵᠦ᠂ | ︽ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠤᠨ ᠭᠤᠤᠯ | ᠠᠭᠤᠯᠭ᠎ᠠ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠢ ᠡᠵᠡᠮᠰᠢᠬᠦ ᠬᠡᠷᠡᠭᠲᠡᠶ︔ ᠭᠤᠷᠪᠠ ᠳᠤ᠂ ᠨᠢᠭᠡᠳᠦᠯᠲᠡᠶ ᠵᠠᠬ᠎ᠠ | ᠳᠡᠯᠭᠡᠭᠦᠷ ᠪᠠ ᠡᠷᠬᠡ ᠲᠡᠭᠰᠢ ᠪᠠᠷ ᠥᠷᠢᠰᠥᠯᠳᠦᠬᠦ ᠶᠢ ᠬᠠᠷᠰᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ | ᠴᠢᠭᠯᠡᠭᠦᠯᠦᠨ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠨᠠᠨ ᠪᠠᠶᠢᠴᠠᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ | ᠲᠦᠷᠭᠡᠪᠴᠢᠯᠡᠨ ᠢᠯᠭᠠᠷᠠᠭᠤᠯᠵᠤ᠂ ︽ᠬᠡᠨ ᠲᠤᠭᠤᠷᠪᠢᠪᠠᠯ ᠬᠡᠨ ᠢᠯᠭᠠᠷᠠᠭᠤᠯᠵᠤ︾᠂ ︽ᠬᠡᠨ ᠲᠤᠭᠲᠠᠭᠠᠪᠠᠯ ᠬᠡᠨ | ᠢᠯᠭᠠᠷᠠᠭᠤᠯᠵᠤ︾᠂ ︽ᠬᠡᠨ ᠬᠡᠷᠡᠭᠵᠢᠭᠦᠯᠪᠡᠯ ᠬᠡᠨ ᠢᠯᠭᠠᠷᠠᠭᠤᠯᠵᠤ︾ ᠪᠠᠶᠢᠬᠤ ᠵᠠᠷᠴᠢᠮ ᠢ ᠪᠠᠷᠢᠮᠲᠠᠯᠠᠨ᠂ | ᠢᠯᠭᠠᠷᠠᠭᠤᠯᠬᠤ ᠶᠣᠰᠣᠲᠠᠶ ᠶᠢ ᠨᠢ ᠪᠦᠬᠦᠨ ᠢ ᠢᠯᠭᠠᠷᠠᠭᠤᠯᠵᠤ᠂ ᠬᠦᠴᠦᠨ ᠥᠬᠡᠶ ᠪᠣᠯᠭᠠᠬᠤ ᠶᠣᠰᠣᠲᠠᠶ ᠶᠢ ᠨᠢ | ᠪᠦᠬᠦᠨ ᠢ ᠬᠦᠴᠦᠨ ᠥᠬᠡᠶ ᠪᠤᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃ | | ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ |