ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/11/7
     11 ᠰᠠᠷ᠎ᠠ ᠶᠢᠨ 2 ᠤᠨ ᠡᠳᠦᠷ᠂ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠠᠩᠭᠢ ᠬᠤᠷᠢᠨᠭᠡᠷ ᠰᠢᠶᠠᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠵᠢᠩᠬᠢᠨᠢ ᠪᠠᠷ ᠬᠢᠴᠢᠶᠡᠯ ᠡᠬᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠢ ᠣᠨᠣᠯ ᠤᠨ ᠰᠤᠷᠤᠯᠴᠠᠯᠭ᠎ᠠ᠂ ᠦᠢᠯᠡᠳᠦᠯᠭᠡ ᠶᠢᠨ ᠠᠵᠢᠯᠯᠠᠭ᠎ᠠ ᠭᠡᠵᠦ ᠬᠤᠶᠠᠷ ᠬᠡᠰᠡᠭ ᠲᠤ ᠬᠤᠪᠢᠶᠠᠵᠤ᠂ 10 ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠤᠨ᠎ᠠ᠂ ᠡᠭᠦᠨ ᠤ ᠵᠣᠷᠢᠯᠭ᠎ᠠ ᠨᠢ ᠪᠠᠭᠰᠢ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢ ᠪᠠᠲᠤᠳᠬᠠᠬᠤ ᠶᠢᠨ ᠲᠥᠯᠥᠭᠡ ᠶᠤᠮ᠃ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠨᠣᠴᠣᠬᠤ︾ ᠠᠴᠠ ᠰᠡᠷᠭᠡᠶᠢᠯᠡᠬᠦ ᠶᠢ ᠦᠨᠡᠨᠬᠦ ᠪᠡᠶᠡᠯᠡᠭᠦᠯᠵᠦ᠂ ᠪᠠᠭᠰᠢ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠬᠤᠷᠢᠨᠭᠡᠷ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 95 ᠭᠠᠯ ᠤᠨᠲᠠᠷᠠᠭᠠᠬᠤ ᠠᠮᠤᠷ ᠲᠦᠪᠰᠢᠨ ᠤ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号