ᠸᠧᠢ ᠪᠢᠨ
ᠨᠡᠶᠢᠲᠡᠯᠡᠭᠰᠡᠨ ᠴᠠᠭ᠄
2023/11/7
ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠬᠥᠮᠥᠨᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠶᠦᠨ ᠬᠥ᠋ ᠦᠢᠯᠡᠴᠢᠯᠡᠭᠡᠨ ᠤ ᠲᠥᠪ᠃      ᠬᠠᠷᠢᠯᠴᠠᠬᠤ ᠨᠢ᠄ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠠᠵᠢᠯᠴᠢᠨ ᠤ ᠶᠡᠷᠦᠩᠬᠡᠢ ᠡᠪᠯᠡᠯ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠤᠷᠢᠨᠭᠡᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠤᠷᠢᠨᠭᠡᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠷᠢᠨᠭᠡᠷ ᠤᠨ ᠬᠤᠪᠢᠶᠠᠷᠢ ᠺᠣᠮᠫᠠᠨᠢ᠂ ᠴᠢᠯᠠᠭᠤᠨ ᠲᠤᠰᠤᠨ ᠤ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃ᠬᠤᠪᠢ ᠬᠥᠮᠥᠨ ᠤ ᠲᠣᠪᠴᠢ ᠨᠠᠮᠲᠠᠷ      ᠸᠧᠢ ᠪᠢᠨ᠂ ᠡᠷᠡᠭᠲᠡᠢ᠂ ᠮᠠᠨᠵᠤ ᠦᠨᠳᠦᠰᠦᠲᠡᠨ᠂ 1970 ᠣᠨ ᠤ 2 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠤᠷᠢᠨᠭᠡᠷ ᠰᠢᠶᠠᠨ ᠤ ᠬᠥᠮᠥᠨ᠂ ᠠᠵᠢᠯ ᠤᠨ ᠪᠠᠶᠢᠷᠢ ᠳᠡᠭᠡᠷᠡᠬᠢ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1990 ᠣᠨ ᠤ 9 ᠰᠠᠷ᠎ᠠ ᠳᠤ ᠠᠵᠢᠯ ᠳᠤ ᠣᠷᠣᠵᠤ᠂ 1996 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠤᠳᠤ ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠪᠥᠭᠡᠳ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号