ᠡᠳᠡᠭᠡᠷ ᠭᠠᠵᠠᠷ ᠣᠷᠣᠨ ᠳᠤ ᠣᠴᠢᠵᠤ ᠵᠢᠭᠤᠯᠴᠢᠯᠠᠭᠠᠷᠠᠢ
ᠨᠡᠶᠢᠲᠡᠯᠡᠭᠰᠡᠨ ᠴᠠᠭ᠄
2023/11/8
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ 2023 ᠣᠨ ᠤ ︽ᠬᠡᠷᠡᠭᠯᠡᠭᠡ ᠪᠠᠷ ᠬᠠᠪᠰᠤᠷᠤᠨ ᠲᠡᠳᠬᠦᠬᠦ ᠠᠯᠲᠠᠨ ᠨᠠᠮᠤᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ ᠰᠢᠰᠲ᠋ᠧᠮ ᠤᠨ ᠬᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠲᠠᠢ ᠤᠶᠠᠯᠳᠤᠭᠤᠯᠤᠨ᠂ ︽ᠭᠤᠷᠪᠠᠨ ᠣᠷᠣᠨ ᠭᠤᠷᠪᠠᠨ ᠵᠧᠦ︾ ᠶᠢᠨ ᠣᠨᠴᠠᠯᠢᠭᠲᠤ ᠦᠢᠯᠡᠳᠬᠦᠨ ᠪᠠ ᠵᠢᠭᠤᠯᠴᠢᠯᠠᠯ ᠤᠨ ᠦᠢᠯᠡᠴᠢᠯᠡᠭᠡᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠤᠷᠢᠶᠠᠯᠠᠪᠠ᠃      ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠣᠴᠢᠵᠤ ᠵᠢᠭᠤᠯᠴᠢᠯᠠᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠢᠰᠲ᠋ᠧᠮ᠂ ᠡᠯ᠎ᠡ ᠠᠵᠢᠯ ᠲᠥᠷᠥᠯ ᠤᠨ ᠬᠢᠨ ᠤ ᠶᠠᠳᠠᠭᠤ   ᠠᠴᠠ ᠠᠩᠭᠢᠵᠢᠷᠠᠭᠰᠠᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠲᠠᠨᠢᠯᠴᠠᠭᠤᠯᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠠᠵᠢᠯᠴᠢᠨ ᠤ ᠡᠪᠯᠡᠯ ᠤᠨ ᠠᠵᠢᠯᠯᠠᠭ᠎ᠠ ᠥᠷᠨᠢᠭᠦᠯᠬᠦ ᠶᠢ ᠤᠷᠢᠳ ᠢᠶᠠᠷ ᠲᠣᠬᠢᠷᠠᠭᠤᠯᠵᠤ᠂ ᠺᠠᠳ᠋ᠷ ᠠᠵᠢᠯᠲᠠᠨ ᠪᠠ ᠥᠷᠭᠡᠨ ᠣᠯᠠᠨ ᠬᠤᠲᠠ ᠶᠢᠨ ᠠᠷᠠᠳ ᠤᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠦᠢᠯᠡᠳᠬᠦᠨ ᠪᠠ ᠵᠢᠭᠤᠯᠴᠢᠯᠠᠯ ᠤᠨ ᠦᠢᠯᠡᠴᠢᠯᠡᠭᠡ ᠶᠢ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠬᠥᠭᠵᠢᠭᠡᠳᠦᠢ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠨᠡᠷ᠎ᠡ ᠠᠯᠳᠠᠷᠰᠢᠯ ᠲᠠᠢ ᠪᠤᠯᠬᠤ ᠶᠢ ᠠᠬᠢᠭᠤᠯᠤᠨ᠎ᠠ᠃
 
ᠢᠷᠡᠯᠲᠡ᠄ ᠲᠤᠮᠳᠠᠳᠦ ᠤᠯᠤᠰ ᠤᠨ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号