ᠣᠶᠤᠲᠠᠳ ᠲᠦᠷᠭᠡᠨ ᠨᠡᠷ᠎ᠡ ᠪᠠᠨ ᠮᠡᠳᠡᠭᠦᠯᠦᠭᠡᠷᠡᠢ︕
ᠨᠡᠶᠢᠲᠡᠯᠡᠭᠰᠡᠨ ᠴᠠᠭ᠄
2023/11/8
      7 ᠤ ᠡᠳᠦᠷ ᠬᠤᠷᠠᠯᠳᠤᠭᠰᠠᠨ ᠰᠢᠶᠦ᠋ᠩ ᠠᠨ ᠰᠢᠨ᠎ᠡ ᠲᠣᠭᠤᠷᠢᠭ ᠤᠨ ᠴᠢᠳᠠᠪᠤᠷᠢᠲᠠᠨ ᠤ ᠲᠤᠬᠠᠢ ᠲᠦᠷᠦ ᠶᠢᠨ ᠪᠤᠳᠤᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠶᠢᠨ ᠤᠢᠢᠯᠠᠭᠠᠭᠰᠠᠨ ᠢᠶᠠᠷ ᠂ ᠾᠧᠪᠸᠢ ᠶᠢᠨ ᠰᠢᠶᠦ᠋ᠩ ᠠᠨ ᠰᠢᠨ᠎ᠡ ᠲᠣᠭᠤᠷᠢᠭ ᠤᠨ ᠬᠢᠨ ᠤᠢᠢᠷ᠎ᠠ ᠶᠢᠨ ᠬᠤᠭᠤᠴᠠᠭᠠᠨ ᠳᠤ ᠰᠢᠨ᠎ᠡ ᠶᠢ ᠡᠭᠦᠳᠬᠦ ᠪᠠ ᠦᠢᠯᠡᠰ ᠪᠤᠰᠬᠠᠬᠤ ᠳᠤ ᠴᠢᠳᠠᠪᠤᠷᠢᠲᠠᠨ ᠢ ᠤᠷᠢᠨ ᠠᠪᠴᠢᠷᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠣᠷᠦ᠋ᠢᠯᠠᠭᠰᠠᠨ ᠴᠢᠳᠠᠪᠤᠷᠢᠲᠠᠨ᠂ ᠵᠠᠯᠠᠭᠤ ᠴᠢᠳᠠᠪᠤᠷᠢᠲᠠᠨ ᠵᠡᠷᠭᠡ ᠡᠯ᠎ᠡ ᠲᠦᠷᠦᠯ ᠤᠨ ᠴᠢᠳᠠᠪᠤᠷᠢᠲᠠᠨ ᠢ ᠤᠷᠢᠨ ᠠᠪᠴᠢᠷᠠᠬᠤ ᠪᠠ ᠴᠢᠬᠤᠯᠠ ᠶᠡᠭᠡ ᠲᠠᠪᠴᠠᠩ ᠤᠨ ᠲᠤᠬᠠᠢ ᠶᠢᠨ ᠦᠢᠯᠡᠰ ᠪᠣᠰᠬᠠᠬᠤ ᠳᠤ ᠣᠷᠤᠯᠴᠠᠪᠠᠯ ᠲᠡᠭᠦᠨ ᠢ ᠱᠠᠩᠨᠠᠬᠤ ᠵᠡᠷᠭᠡ 16 ᠵᠤᠷᠪᠤᠰ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠪᠡ᠃      ᠪᠦᠬᠦ ᠳᠡᠯᠡᠬᠡᠢ ᠶᠢᠨ ᠣᠷᠦ᠋ᠢᠯᠠᠭᠰᠠᠨ ᠴᠢᠳᠠᠪᠤᠷᠢᠲᠠᠨ ᠪᠣᠯᠤᠨ ᠰᠢᠯᠢᠳᠡᠭ ᠴᠢᠳᠠᠪᠤᠷᠢᠲᠠᠨ ᠢ ᠲᠠᠲᠠᠬᠤ ᠠᠷᠭ᠎ᠠ ᠬᠡᠮᠵᠢᠶ᠎ᠡ ᠳᠤ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠣᠲᠣ ᠦᠶ᠎ᠡ ᠶᠢᠨ ᠠᠮᠢ ᠠᠬᠤᠢ ᠶᠢᠨ ᠰᠢᠨᠵᠢᠯᠡᠬᠦ ᠤᠬᠠᠭᠠᠨ ᠪᠠ ᠠᠮᠢᠳᠤ ᠪᠣᠳᠠᠰ ᠤᠨ ᠮᠡᠷᠭᠡᠵᠢᠯ᠂ ᠰᠢᠨ᠎ᠡ ᠮᠠᠲ᠋ᠧᠷᠢᠶᠠᠯ ᠪᠠ ᠰᠠᠨᠰᠠᠷ ᠤᠨ ᠮᠡᠳᠡᠭᠡ ᠵᠠᠩᠭᠢ᠂ ᠪᠣᠬᠢᠷᠲᠤᠯ ᠥᠬᠡᠶ ᠡᠨᠧᠷᠭᠢ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠬᠦ ᠲᠠᠢ ᠤᠶᠠᠯᠳᠤᠭᠤᠯᠤᠨ᠂ ᠣᠷᠦ᠋ᠢᠯᠠᠭᠰᠠᠨ ᠰᠢᠨᠵᠢᠯᠡᠬᠦ ᠤᠬᠠᠭᠠᠨᠲᠠᠨ ᠢ ᠰᠢᠶᠦ᠋ᠩ ᠠᠨ ᠳᠤ ᠢᠳᠡᠪᠬᠢᠲᠡᠢ ᠤᠷᠢᠨ ᠠᠵᠢᠯᠯᠠᠭᠤᠯᠵᠤ᠂ 2000 ᠲᠦᠮᠡᠨ ᠲᠥᠭᠦᠷᠢᠭ ᠠᠴᠠ 5000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠪᠠ 300 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠵᠤ᠂ 200 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠨᠢᠭᠡ ᠶᠢ ᠱᠠᠩᠨᠠᠨ᠎ᠠ ᠭᠡᠵᠦ ᠲᠣᠳᠣᠷᠬᠠᠶ ᠲᠣᠭᠲᠠᠭᠠᠵᠠᠶ᠃      ᠰᠢᠯᠢᠳᠡᠭ ᠵᠠᠯᠠᠭᠤ ᠴᠢᠳᠠᠪᠤᠷᠢᠲᠠᠨ ᠢ ᠰᠢᠶᠦ᠋ᠩ ᠠᠨ ᠳᠤ ᠤᠷᠢᠨ ᠠᠪᠴᠢᠷᠠᠵᠤ ᠠᠵᠢᠯ ᠣᠯᠭᠤᠵᠤ ᠠᠳᠠᠯ ᠪᠤᠰᠬᠠᠬᠤ ᠠᠷᠭ᠎ᠠ ᠬᠡᠮᠵᠢᠶᠡᠨ ᠳᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠢᠯᠢᠳᠡᠭ ᠤᠶᠤᠲᠠᠨ ᠤ ᠰᠢᠶᠦ᠋ᠩ ᠠᠨ ᠳᠤ ᠢᠷᠡᠵᠤ ᠰᠢᠯᠭᠠᠯᠲᠠ ᠳᠤ ᠣᠷᠣᠯᠴᠠᠬᠤ ᠳᠤ ᠲᠥᠯᠦᠪᠦᠷᠢ ᠠᠪᠬᠤ ᠦᠭᠡᠢ ᠰᠠᠭᠤᠵᠤ ᠪᠣᠯᠣᠨ᠎ᠠ ᠭᠡᠵᠤ ᠳᠤᠷᠠᠳᠪᠠ᠃ ᠠᠵᠢᠯ ᠳᠤ ᠤᠷᠤᠭᠰᠠᠨ ᠤ ᠳᠠᠷᠠᠭᠠᠬᠢ 5 ᠵᠢᠯ ᠤᠨ ᠳᠣᠲᠣᠷ᠎ᠠ᠂ ᠳ᠋ᠣᠺᠲ᠋ᠣᠷᠠᠨᠲ ᠰᠠᠷ᠎ᠠ ᠪᠦᠷᠢ 3000 ᠲᠥᠭᠦᠷᠢᠭ᠂ ᠠᠰᠫᠢᠷᠠᠨᠲ 2000 ᠲᠥᠭᠦᠷᠢᠭ᠂ ᠪᠦᠷᠢᠨ ᠮᠡᠷᠭᠡᠵᠢᠯ ᠤᠨ ᠠᠩᠭᠢ ᠶᠢᠨ ᠣᠶᠣᠲᠠᠨ ᠳᠤ 1000 ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ ᠭᠡᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号