︽ᠭᠠᠶᠢᠯᠢ ᠰᠦᠢᠳᠬᠡᠯ ᠤᠨ ᠬᠠᠷᠠᠭᠠᠯᠵᠠᠯ ᠢᠶᠠᠷ ᠬᠥᠭᠵᠢᠯᠲᠡ ᠶᠢ ᠠᠬᠢᠭᠤᠯᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠠᠮᠢᠵᠢᠷᠠᠯ ᠤᠨ ᠬᠦᠴᠦᠨ ᠢ ᠨᠢ ᠬᠥᠭᠵᠢᠭᠡᠨ᠎ᠡ︾ ᠰᠣᠨᠢᠨ ᠮᠡᠳᠡᠭᠡᠨ ᠤ ᠵᠠᠭᠤᠴᠢᠯᠠᠭᠤᠷ ᠤᠨ ᠭᠠᠶᠢᠯᠢ ᠶᠢᠨ ᠶᠠᠪᠤᠳᠠᠯ ᠤᠨ ᠠᠶᠠᠨ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/11/8
     11 ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠡᠷᠭᠢᠯᠡᠭᠰᠡᠨ ︽ᠭᠠᠶᠢᠯᠢ ᠰᠦᠢᠳᠬᠡᠯ ᠤᠨ ᠬᠠᠷᠠᠭᠠᠯᠵᠠᠯ ᠢᠶᠠᠷ ᠬᠥᠭᠵᠢᠯᠲᠡ ᠶᠢ ᠠᠬᠢᠭᠤᠯᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠠᠮᠢᠵᠢᠷᠠᠯ ᠤᠨ ᠬᠦᠴᠦᠨ ᠢ ᠨᠢ ᠬᠥᠭᠵᠢᠭᠡᠨ᠎ᠡ︾ ᠰᠣᠨᠢᠨ ᠮᠡᠳᠡᠭᠡᠨ ᠤ ᠵᠠᠭᠤᠴᠢᠯᠠᠭᠤᠷ ᠤᠨ ᠭᠠᠶᠢᠯᠢ ᠶᠢᠨ ᠶᠠᠪᠤᠳᠠᠯ ᠤᠨ ᠠᠶᠠᠨ ᠮᠠᠨ ᠤ ᠬᠤᠲᠠ ᠳᠤ ᠡᠬᠢᠯᠡᠪᠡ᠃      ᠲᠤᠰ ᠤᠳᠠᠭᠠᠨ ᠤ ᠰᠣᠨᠢᠨ ᠮᠡᠳᠡᠭᠡᠨ ᠤ  ᠵᠠᠭᠤᠴᠢᠯᠠᠭᠤᠷ ᠤᠨ ᠬᠢᠨ ᠤ ᠭᠠᠶᠢᠯᠢ ᠶᠢᠨ ᠶᠠᠪᠤᠳᠠᠯ ᠤᠨ ᠠᠶᠠᠨ ᠤ ᠨᠢᠭᠡᠳᠦᠭᠡᠷ ᠥᠷᠲᠡᠭᠡ ᠳᠤ᠂ ᠲᠥᠪ ᠤᠨ ᠳᠡᠰ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠲᠥᠯᠥᠭᠡᠯᠡᠭᠴᠢ ᠵᠢᠴᠢ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯᠲᠠᠨ ᠨᠢᠭᠡ ᠡᠳᠦᠷ ᠤᠨ ᠴᠠᠭ ᠢ ᠠᠰᠢᠭᠯᠠᠵᠤ ᠤᠷᠢᠳ ᠬᠤᠵᠢᠳ ᠮᠠᠨ ᠤ ᠬᠤᠲᠠ ᠶᠢᠨ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ᠂ ᠥᠷᠲᠡᠭ ᠨᠡᠮᠡᠭᠳᠡᠯ ᠤᠨ ᠭᠠᠶᠢᠯᠢ ᠶᠢ ᠦᠯᠡᠳᠡᠭᠡᠨ ᠲᠤᠯᠭᠠᠵᠤ ᠪᠤᠴᠠᠭᠠᠬᠤ ᠲᠥᠷᠥ ᠶᠢᠨ ᠪᠣᠳᠣᠯᠭ᠎ᠠ ᠵᠡᠷᠭᠡ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ ᠠᠵᠤ ᠠᠬᠤᠶᠢᠯᠠᠯ ᠤᠨ ᠬᠥᠭᠵᠢᠯᠲᠡ ᠶᠢ ᠬᠠᠪᠰᠤᠷᠤᠨ  ᠲᠡᠳᠬᠦᠭᠰᠡᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠤᠰᠠᠯᠠᠭᠰᠠᠨ ᠲᠠᠯ᠎ᠠ ᠪᠠᠷ ᠬᠢ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠ ᠢᠯᠡᠳᠲᠡ ᠦᠷ᠎ᠡ ᠪᠦᠲᠦᠮᠵᠢ ᠶᠢ ᠪᠡᠶ᠎ᠡ ᠪᠠᠷ ᠢᠶᠠᠨ ᠮᠡᠳᠡᠷᠡᠵᠡᠢ᠃      ᠠᠩᠬᠠᠷᠤᠭᠤᠰᠢᠲᠠᠢ ᠨᠢ᠂ ᠣᠶᠢᠷ᠎ᠠ ᠶᠢᠨ ᠵᠢᠯ ᠳᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠷᠭᠦᠯᠵᠢᠯᠡᠨ ᠪᠠᠳᠠᠷᠠᠭᠤᠯᠵᠤ᠂ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠳᠤ ᠲᠤᠰᠠᠯᠠᠬᠤ ᠶᠢᠨ ᠲᠦᠯᠦᠭᠡ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠤᠲᠠ ᠶᠢᠨ ᠡᠪᠯᠡᠯ ᠤᠨ ᠬᠤᠷᠢᠶ᠎ᠠ ᠲᠠᠢ ᠬᠠᠮᠲᠤᠷᠠᠨ ᠪᠦᠬᠦ ᠬᠤᠲᠠ ᠳᠤ 16 ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ ᠰᠠᠭᠤᠷᠢᠨ ᠭᠠᠵᠠᠷ ᠪᠠᠶᠢᠭᠤᠯᠵᠤ᠂ ᠡᠭᠦᠨ ᠳᠤ 6 ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ ᠰᠠᠭᠤᠷᠢᠨ ᠭᠠᠵᠠᠷ ᠨᠢ ᠣᠷᠣᠨ ᠤ ᠲᠥᠪ ᠤᠨ ᠣᠨᠴᠠᠯᠢᠭᠲᠤ ᠠᠵᠤ ᠦᠢᠯᠡᠰ ᠲᠤ ᠭᠤᠣᠯᠳᠠᠯᠭ᠎ᠠ ᠲᠠᠢ ᠦᠢᠯᠡᠴᠢᠯᠡᠵᠦ᠂ ᠡᠯ᠎ᠡ ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ ᠰᠠᠭᠤᠷᠢᠨ ᠭᠠᠵᠠᠷ ᠨᠢ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠰᠠᠷ᠎ᠠ ᠪᠦᠷᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠵᠠᠬᠢᠶᠠᠯᠠᠭ᠎ᠠ︾ ᠶᠢᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ ᠡᠨᠡ ᠵᠢᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠶᠢᠨ ᠣᠶᠣᠨᠴᠢ ᠬᠢᠨᠠᠯᠲᠠ︾ ᠠᠵᠤ ᠠᠬᠤᠶᠢᠯᠠᠯ ᠳᠤ ᠬᠦᠷᠴᠦ ᠦᠢᠯᠡᠴᠢᠯᠡᠬᠦ ᠦᠢᠯᠡᠴᠢᠯᠡᠭᠡ ᠶᠢᠨ ᠬᠢᠨᠠᠯᠲᠠ ᠶᠢᠨ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠭᠠᠶᠢᠯᠢ ᠲᠤᠰᠢᠶᠠᠭᠴᠢ ᠠᠴᠠ ᠭᠠᠶᠢᠯᠢ ᠶᠢᠨ ᠶᠠᠪᠤᠳᠠᠯ ᠤᠨ ᠺᠠᠳ᠋ᠷ ᠤᠨ ᠠᠵᠤ ᠠᠬᠤᠶᠢᠯᠠᠯ ᠳᠤ ᠬᠦᠷᠴᠦ ᠦᠢᠯᠡᠴᠢᠯᠡᠬᠦ ᠦᠢᠯᠡᠴᠢᠯᠡᠭᠡ ᠳᠤ ᠦᠨᠡᠯᠡᠯᠲᠡ ᠬᠢᠵᠦ᠂ ︽ᠢᠨᠲ᠋ᠧᠷ ᠰᠦᠯᠵᠢᠶ᠎ᠡ + ᠲᠣᠮᠣ ᠳ᠋ᠠᠶᠢᠲ᠋ᠠ + ᠬᠢᠨᠠᠯᠲᠠ︾ ᠪᠠᠷ ᠳᠠᠮᠵᠢᠭᠤᠯᠤᠨ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢᠨ ᠮᠥᠷᠳᠡᠵᠦ ᠪᠣᠯᠬᠤ᠂ ᠦᠨᠡᠯᠡᠵᠦ ᠪᠣᠯᠬᠤ᠂ ᠨᠤᠷᠮᠠᠵᠢᠭᠤᠯᠵᠤ ᠪᠣᠯᠬᠤ ᠶᠢ ᠦᠨᠡᠨ ᠬᠦ ᠪᠠᠲᠤᠯᠠᠵᠤ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠢᠨᠠᠯᠲᠠ ᠶᠢᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号