ᠪᠠᠶ ᠬᠤᠤ
ᠨᠡᠶᠢᠲᠡᠯᠡᠭᠰᠡᠨ ᠴᠠᠭ᠄
2023/11/8
ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢ ᠬᠠᠪᠰᠤᠷᠤᠨ ᠦᠨᠳᠦᠰᠦᠲᠡᠨ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠦᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ᠂ ᠰᠣᠶᠣᠯ ᠤᠷᠠᠯᠢᠭ᠂ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠵᠢᠴᠢ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠰᠢᠶᠠᠨ ᠤ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠱᠧᠩ ᠯᠧ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠣᠭᠤᠯᠣᠭᠰᠠᠨ ᠬᠢᠵᠠᠭᠠᠷᠲᠤ ᠺᠤᠮᠫᠠᠨᠢ᠃      ᠬᠠᠷᠢᠯᠴᠠᠬᠤ ᠨᠢ᠄ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ᠂ ᠰᠢᠤᠳᠠᠨ ᠤ ᠲᠣᠪᠴᠢᠶ᠎ᠠ᠂ ᠰᠢᠨᠬᠤᠸᠠ ᠨᠣᠮ ᠤᠨ ᠳᠡᠯᠭᠡᠭᠦᠷ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃ᠬᠤᠪᠢ ᠬᠥᠮᠥᠨ ᠤ ᠲᠣᠪᠴᠢ ᠨᠠᠮᠲᠠᠷ      ᠪᠠᠶ ᠬᠤᠤ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 3 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠤᠷᠢᠨᠭᠡᠷ ᠰᠢᠶᠠᠨ ᠤ ᠬᠥᠮᠦᠨ᠂ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ᠂ 1998 ᠣᠨ ᠤ 9 ᠰᠠᠷ᠎ᠠ ᠳᠤ ᠠᠵᠢᠯ ᠳᠤ ᠣᠷᠣᠵᠤ᠂ 2006 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠂ ᠤᠳᠤ ᠬᠤᠷᠢᠨᠭᠡᠷ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ᠪᠥᠭᠡᠳ ᠴᠣᠷᠵᠢ ᠶᠢᠨ ᠠᠶᠢᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号