ᠭᠤᠤ ᠶᠦᠩ ᠸᠠᠩ
ᠨᠡᠶᠢᠲᠡᠯᠡᠭᠰᠡᠨ ᠴᠠᠭ᠄
2023/11/8
     ᠭᠤᠤ ᠶᠦᠩ ᠸᠠᠩ      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ︵ ᠲᠦᠷ ᠲᠤᠰᠢᠶᠠᠯ ᠡᠭᠦᠷᠭᠡᠯᠡᠭᠰᠡᠨ︶ᠠᠵᠢᠯ ᠤᠨ ᠬᠤᠪᠢᠶᠠᠷᠢᠯᠠᠯ      ᠸᠠᠩ ᠰᠢᠶᠣᠣ ᠮᠢᠩ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠶᠢ ᠬᠠᠪᠰᠤᠷᠤᠨ ᠶᠡᠷᠦᠩᠬᠡᠶᠢᠯᠡᠭᠰᠡᠨ ᠠᠵᠤ ᠠᠬᠤᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ᠂ ᠤᠯᠤᠰ ᠤᠨ ᠡᠳ᠋ ᠬᠥᠷᠥᠩᠭᠡ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠬᠦ ᠬᠡᠷᠡᠭᠲᠡᠢ᠃ᠬᠤᠪᠢ ᠬᠥᠮᠥᠨ ᠤ ᠲᠣᠪᠴᠢ ᠨᠠᠮᠲᠠᠷ      ᠭᠤᠸ ᠶᠦᠩ ᠸᠠᠩ᠂ ᠡᠷᠡᠭᠲᠡᠢ᠂ ᠬᠢᠲᠠᠳ ᠦᠨᠳᠦᠰᠦᠲᠡᠨ᠂ 1981 ᠣᠨ ᠤ 7 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠥᠮᠥᠨ᠂ ᠬᠠᠤᠯᠢ ᠶᠢᠨ ᠤᠬᠠᠭᠠᠨ ᠤ ᠮᠠᠰᠲ᠋ᠧᠷ᠂ 2003 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ 2005 ᠣᠨ ᠤ 7 ᠰᠠᠷ᠎ᠠ ᠳᠤ ᠠᠵᠢᠯ ᠳᠤ ᠣᠷᠣᠪᠠ᠂ ᠣᠲᠣ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠭᠰᠡᠨ︶ ᠶᠢᠨ ᠲᠤᠰᠢᠶᠠᠯ ᠲᠠᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号