ᠥᠪᠥᠷ ᠮᠣᠩᠭᠤᠯ 11 ᠳ᠋ᠦ᠋ᠭᠡᠷ ᠰᠠᠷ᠎ᠠ ᠠᠴᠠ ᠡᠬᠢᠯᠡᠨ ᠪᠥᠬᠦ ᠣᠷᠣᠨ ᠤ ᠡᠯ᠎ᠡ ᠠᠶᠢᠮᠠᠭ ᠬᠤᠲᠠ ᠳᠠᠬᠢ 9 | ᠸᠠᠯᠧᠨ᠋ᠳ᠋ᠲᠤ HPV ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠷᠭᠡᠨ ᠣᠯᠠᠨ ᠵᠣᠬᠢᠬᠤ | ᠨᠠᠰᠤᠨ ᠤ ᠡᠮᠡᠭᠲᠡᠶᠢᠴᠦᠳ ᠤᠨ HPV ᠸᠠᠺᠼᠢᠨ ᠲᠠᠷᠢᠬᠤ ᠱᠠᠭᠠᠷᠳᠠᠯᠭ᠎ᠠ ᠶᠢ ᠤᠯᠠᠮ ᠢᠯᠡᠭᠦᠦ ᠬᠠᠩᠭᠠᠨ᠂ ᠥᠷᠭᠡᠨ | ᠣᠯᠠᠨ ᠡᠮᠡᠭᠲᠡᠶᠢᠴᠦᠳ ᠤᠨ ᠪᠡᠶ᠎ᠡ ᠶᠢᠨ ᠡᠷᠡᠭᠦᠯ ᠮᠡᠨᠳᠦ ᠪᠠ ᠬᠤᠪᠢ ᠶᠢᠨ ᠠᠰᠢᠭ ᠲᠤᠰᠠ ᠶᠢ ᠨᠢ ᠬᠠᠮᠠᠭᠠᠯᠠᠬᠤ ᠶᠢᠨ | ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠣᠪᠴᠢᠶ᠎ᠠ HPV ᠸᠠᠺᠼᠢᠨ ᠬᠠᠩᠭᠠᠬᠤ ᠠᠵᠤ ᠠᠬᠤᠶᠢᠯᠠᠯ ᠤᠳ ᠲᠠᠢ ᠢᠳᠡᠪᠬᠢᠲᠡᠢ ᠪᠠᠷ ᠵᠥᠪᠳᠡᠯᠴᠡᠵᠦ ᠪᠠᠶᠢᠭᠠᠳ | ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠠᠶᠢᠨ᠎ᠠ᠃ ᠣᠳᠣᠬᠠᠨ ᠳᠤ᠂ ᠡᠯ᠎ᠡ ᠠᠶᠢᠮᠠᠭ ᠬᠤᠲᠠ ᠶᠢᠨ HPV | ᠸᠠᠺᠼᠢᠨ ᠢ ᠵᠠᠯᠭᠠᠭ᠎ᠠ ᠪᠠᠷ ᠬᠦᠷᠭᠡᠭᠰᠡᠨ ᠪᠣᠯᠬᠤᠷ 11 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠬᠢᠯᠡᠨ ︽ᠮᠦᠩᠬᠡ | ᠰᠤᠪᠠᠭ︾ ᠢᠶᠠᠷ ᠪᠥᠬᠦ ᠣᠷᠣᠨ ᠳᠤ ᠸᠠᠺᠼᠢᠨ ᠤ ᠲᠠᠷᠢᠯᠭ᠎ᠠ ᠪᠣᠯᠵᠣᠬᠤ ᠳ᠋ᠤᠭᠠᠷ ᠲᠠᠯᠪᠢᠨ᠎ᠠ᠃ | HPV ᠸᠠᠺᠼᠢᠨ ᠤ ᠲᠠᠷᠢᠯᠭ᠎ᠠ ᠪᠣᠯ ᠰᠠᠪᠠᠨ ᠬᠦᠵᠦᠭᠦᠨ ᠤ ᠥᠮᠡᠨ ᠵᠢᠴᠢ ᠬᠤᠯᠪᠣᠭᠳᠠᠯ ᠪᠦᠬᠦᠢ ᠡᠪᠡᠳᠴᠢᠨ | ᠡᠮᠭᠡᠭ ᠤᠳ ᠢ ᠰᠡᠷᠭᠡᠶᠢᠯᠡᠬᠦ ᠪᠦᠲᠦᠮᠵᠢᠲᠡᠶ ᠠᠷᠭ᠎ᠠ ᠪᠥᠭᠡᠳ ᠲᠣᠰ ᠸᠠᠺᠼᠢᠨ ᠨᠢ ᠡᠭᠡᠯᠢᠯᠡᠭᠡ ᠶᠢᠨ ᠪᠤᠰᠤ | ᠲᠥᠯᠥᠪᠯᠡᠭᠡ ᠶᠢᠨ ᠸᠠᠺᠼᠢᠨ ᠮᠥᠨ᠂ ᠣᠯᠠᠨ ᠲᠦᠮᠡᠨ ᠰᠠᠶᠢᠨ ᠳᠤᠷ᠎ᠠ ᠠᠴᠠ ᠪᠠᠨ ᠥᠪᠡᠷ ᠤᠨ ᠰᠦᠢᠳᠬᠡᠯ ᠢᠶᠠᠷ ᠢᠶᠠᠨ | ᠲᠠᠷᠢᠭᠤᠯᠵᠤ ᠪᠣᠯᠣᠨ᠎ᠠ᠂ 9 ᠠᠴᠠ 45 ᠨᠠᠰᠤᠨ ᠤ ᠡᠮᠡᠭᠲᠡᠶᠢᠴᠦᠳ ᠲᠤ ᠲᠣᠬᠢᠷᠠᠨ᠎ᠠ᠃ ᠲᠠᠷᠢᠭᠤᠯᠬᠤ | ᠱᠠᠭᠠᠷᠳᠠᠯᠭ᠎ᠠ ᠲᠠᠢ ᠳᠣᠬᠢᠷᠠᠬᠤ ᠨᠠᠰᠤᠨ ᠤ ᠬᠥᠮᠥᠰ ︽ᠮᠦᠩᠬᠡ ᠰᠤᠪᠠᠭ︾ ᠳᠡᠭᠡᠷ᠎ᠡ ᠳᠠᠩᠰᠠᠯᠠᠭᠤᠯᠤᠭᠰᠠᠨ ᠤ ᠳᠠᠷᠠᠭ᠎ᠠ | ᠂ ᠲᠦᠷᠦᠭᠦᠤ ᠨᠢᠭᠤᠷ ᠲᠠᠬᠢ HPV ᠸᠠᠺᠼᠢᠨ ᠲᠠᠷᠢᠭᠤᠯᠬᠤ ᠳᠠᠷᠤᠪᠴᠢ ᠶᠢ ᠳᠠᠷᠤᠵᠤ ᠪᠣᠯᠵᠣᠵᠤ ᠪᠣᠯᠣᠨ᠎ᠠ᠃ | 9 ᠸᠠᠯᠧᠨ᠋ᠳ᠋ᠲᠤ HPV ᠸᠠᠺᠼᠢᠨ ᠲᠠᠷᠢᠭᠤᠯᠬᠤ ᠬᠥᠮᠥᠨ ᠨᠡᠯᠢᠶᠡᠳ ᠣᠯᠠᠨ ᠪᠣᠯᠬᠤᠷ ᠪᠣᠯᠵᠤᠭ᠎ᠠ ᠦᠭᠡᠢ | ᠬᠥᠮᠥᠰ ᠲᠡᠪᠴᠢᠶᠡᠷᠢᠲᠡᠢ ᠬᠦᠯᠢᠶᠡᠮᠦ᠂ ᠲᠠᠷᠢᠯᠭ᠎ᠠ ᠪᠣᠯᠵᠣᠬᠤ ᠳ᠋ᠤᠭᠠᠷ ᠢ ᠰᠠᠷ᠎ᠠ ᠪᠦᠷᠢ ᠲᠠᠯᠪᠢᠨ᠂ ᠸᠠᠺᠼᠢᠨ | ᠲᠠᠷᠢᠭᠤᠯᠬᠤ ᠬᠦᠰᠡᠯ ᠲᠠᠢ ᠬᠦᠮᠦᠨ ᠪᠦᠬᠦᠨ ᠳᠤ ᠲᠠᠷᠢᠵᠤ ᠥᠭᠬᠦ ᠪᠠᠷ ᠴᠢᠷᠮᠠᠶᠢᠨ᠎ᠠ ᠭᠡᠵᠦ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶᠠᠨ ᠠᠴᠠ ᠰᠠᠨᠠᠭᠤᠯᠵᠤ | ᠪᠠᠶᠢᠨ᠎ᠠ᠃ |