ᠣᠶᠢᠷ᠎ᠠ ᠶᠢᠨ ᠡᠳᠦᠷ ᠬᠤᠷᠠᠯᠳᠤᠭᠤᠯᠤᠭᠰᠠᠨ 2023 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠥᠪᠥᠷ | ᠮᠣᠩᠭᠤᠯ ᠤᠨ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠢᠯᠢ᠂ ᠡᠷᠳᠡᠨᠢ᠂ ᠳ᠋ᠦᠩ ᠯᠢ ᠢᠮᠠᠭᠠᠨ ᠨᠣᠣᠯᠣᠭᠤᠷ᠂ ᠾᠧᠩ ᠹᠧᠩ | ᠵᠡᠷᠭᠡ 53 ᠠᠵᠤ ᠠᠬᠤᠶᠢᠯᠠᠯ ᠤᠨ 139 ᠪᠦᠲᠦᠭᠡᠭᠳᠡᠬᠦᠨ ︽2023 ᠣᠨ ᠤ ᠠᠷᠪᠠᠨ ᠨᠢᠭᠡᠳᠦᠭᠡᠷ ᠬᠤᠭᠤᠴᠠᠭᠠᠨ | ᠤ ᠥᠪᠥᠷ ᠮᠣᠩᠭᠤᠯ ᠤᠨ ︿ᠨᠡᠷᠡᠳᠤ ᠤᠭᠢ ᠣᠨᠴᠠᠯᠢᠭᠲᠤ﹀ ︿ᠴᠢᠨᠠᠷ ᠰᠠᠶᠢᠲᠠᠢ﹀ ︿ᠥᠪᠡᠷᠮᠢᠴᠡ ᠣᠨᠴᠠᠯᠢᠭ ᠲᠠᠢ﹀ ᠮᠠᠯ | ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠦᠨᠡᠯᠡᠭᠳᠡᠪᠡ᠃ | ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠢ ᠲᠦᠷᠦᠯ ᠲᠡᠮᠳᠡᠭᠵᠢᠭᠦᠯᠬᠦ ᠪᠠ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠢ ᠭᠡᠷᠡᠴᠢᠯᠡᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠪᠣᠬᠢᠷᠳᠤᠯ ᠦᠭᠡᠢ | ᠥᠪᠥᠷ ᠮᠣᠩᠭᠤᠯ︾ ᠤᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠦᠨ ᠳᠡᠰ | ᠳᠡᠪᠰᠢᠭᠦᠯᠪᠡ᠃ 2013 ᠣᠨ ᠠᠴᠠ 2023 ᠣᠨ ᠪᠤᠯᠲᠠᠯ᠎ᠠ 11 ᠬᠤᠭᠤᠴᠠᠭᠠᠨ ᠤ ︽ᠨᠡᠷᠡᠳᠤ ᠤᠭᠢ | ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠨᠡᠯᠡᠨ ᠲᠣᠭᠲᠠᠭᠠᠬᠤ ᠠᠵᠢᠯ | ᠥᠷᠨᠢᠭᠦᠯᠵᠦ᠂ ᠨᠡᠶᠢᠲᠡ 317 ᠳᠠᠭᠠᠭᠤᠯᠤᠭᠴᠢ ᠠᠵᠤ ᠠᠬᠤᠶᠢᠯᠠᠯ ᠤᠨ 1778 ᠪᠦᠲᠦᠭᠡᠭᠳᠡᠬᠦᠨ ᠢ ︽ᠨᠡᠷᠡᠳᠤ | ᠤᠭᠢ ᠣᠨᠴᠠᠯᠢᠭᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠡᠷᠡᠴᠢᠯᠡᠨ ᠲᠣᠭᠲᠠᠭᠠᠭᠰᠠᠨ | ᠪᠠᠶᠢᠨ᠎ᠠ᠃ | ᠣᠶᠢᠯᠠᠭᠠᠭᠰᠠᠨ ᠢᠶᠠᠷ᠂ ᠤᠳᠠᠭ᠎ᠠ ᠪᠦᠷᠢ ᠶᠢᠨ ᠭᠡᠷᠡᠴᠢᠯᠡᠨ ᠲᠣᠭᠲᠠᠭᠠᠭᠰᠠᠨ ︽ᠨᠡᠷᠡᠲᠤ ᠤᠭᠢ ᠣᠨᠴᠠᠯᠢᠭᠲᠤ︾ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠪᠦᠷᠢᠳᠬᠡᠨ ᠬᠤᠷᠢᠶᠠᠩᠭᠤᠶᠢᠯᠠᠵᠤ | ᠳᠡᠪᠲᠡᠷᠯᠡᠬᠦ ᠶᠢᠨ ᠬᠠᠮᠲᠤ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ | ᠳᠠᠭᠠᠭᠤᠯᠤᠭᠴᠢ ᠠᠵᠤ ᠠᠬᠤᠶᠢᠯᠠᠯ ᠤᠨ ᠨᠡᠶᠢᠭᠡᠮᠯᠢᠭ ᠤᠨ ᠠᠯᠪᠠᠨ ᠤ ᠰᠦᠯᠵᠢᠶ᠎ᠡ ᠶᠢᠨ ᠲᠠᠪᠴᠠᠩ ᠳᠤ ᠡᠯᠧᠺᠲᠷᠣᠨ | ᠨᠣᠮ ᠤᠨ ᠭᠡᠯᠪᠡᠷᠢ ᠪᠠᠷ ᠵᠡᠷᠭᠡ ᠳᠤᠨᠢ ᠳᠡᠯᠭᠡᠨ ᠦᠵᠡᠭᠦᠯᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ | ᠳᠡᠯᠭᠡᠭᠦᠷ ᠤᠨ ᠪᠣᠷᠤᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠵᠣᠯᠭᠠᠭᠤᠯᠵᠤ᠂ ︽ᠨᠡᠶᠢᠭᠡᠮᠯᠢᠭ ᠠᠴᠠ | ᠲᠠᠨᠢᠯᠴᠠᠭᠤᠯᠬᠤ + ᠠᠵᠤ ᠠᠬᠤᠶᠢᠯᠠᠯ ᠠᠴᠠ ᠪᠣᠷᠣᠯᠠᠭᠤᠯᠬᠤ + ᠠᠷᠭ᠎ᠠ ᠵᠠᠮ ᠢᠶᠠᠷ ᠬᠠᠷᠢᠯᠴᠠᠨ ᠬᠥᠳᠡᠯᠦᠯᠴᠡᠬᠦ︾ | ᠢᠲᠡᠭᠡᠮᠵᠢᠲᠦ ᠪᠣᠷᠤᠯᠠᠭᠤᠯᠭ᠎ᠠ ᠶᠢᠨ ᠵᠠᠭᠪᠤᠷ ᠢ ᠠᠩᠬ᠎ᠠ ᠠᠯᠬᠤᠮ ᠪᠤᠢ ᠪᠣᠯᠭᠠᠨ᠂ ᠣᠯᠠᠨ ᠲᠤᠰᠬᠠᠢ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠲᠤᠰ ᠲᠤᠰ ᠤᠨ ᠡᠬᠢ | ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ | ᠠᠬᠢᠭᠤᠯᠵᠤ ᠪᠠᠶᠢᠨ᠎ᠠ᠃ ᠲᠥᠷᠥᠯ ᠲᠡᠮᠳᠡᠭ ᠢ ᠡᠭᠦᠳᠦᠨ ᠪᠠᠶᠢᠭᠤᠯᠬᠤ ᠪᠠᠷ ᠳᠠᠮᠵᠢᠨ ︽ᠨᠡᠷᠡᠳᠤ ᠤᠭᠢ ᠣᠨᠴᠠᠯᠢᠭᠲᠤ︾ | ᠲᠥᠷᠥᠯ ᠲᠡᠮᠳᠡᠭ ᠤᠨ ᠦᠨ᠎ᠡ ᠥᠷᠲᠡᠭ ᠪᠠ ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠨᠡᠷᠡᠳᠤ ᠤᠭᠢ ᠣᠨᠴᠠᠯᠢᠭᠲᠤ︾ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠭᠠᠷᠭᠠᠵᠤ ᠪᠤᠢ᠃ | ᠮᠠᠨ ᠤ ᠣᠷᠣᠨ ᠪᠣᠯ ᠪᠣᠬᠢᠷᠳᠤᠯ ᠦᠭᠡᠢ ᠣᠷᠭᠠᠨᠢᠭ ᠢᠳᠡᠭᠡᠨ ᠤ ᠦᠢᠯᠡᠳᠪᠦᠷᠢᠯᠡᠯ ᠤᠨ ᠲᠣᠮᠣ ᠮᠤᠵᠢ ᠣᠷᠣᠨ | ᠪᠠᠶᠢᠵᠤ᠂ ᠣᠷᠭᠠᠨᠢᠭ ᠪᠣᠬᠢᠷᠳᠤᠯ ᠦᠭᠡᠢ ᠢᠳᠡᠭᠡᠨ ᠢ ᠬᠥᠭᠵᠢᠭᠦᠯᠬᠦ ᠲᠠᠯ᠎ᠠ ᠪᠠᠷ ᠣᠯᠠᠨ ᠠᠴᠠ ᠣᠨᠴᠠᠭᠠᠢ ᠡᠬᠢ | ᠪᠠᠶᠠᠯᠢᠭ ᠤᠨ ᠳᠠᠪᠠᠭᠤᠯᠢᠭ ᠲᠠᠢ ᠶᠤᠮ᠃ ︽ᠨᠢᠳᠤᠨᠤᠨ ᠤ ᠵᠢᠯ ᠤᠨ ᠰᠡᠭᠦᠯᠴᠢ ᠪᠤᠯᠲᠠᠯ᠎ᠠ ᠪᠦᠭᠦ ᠤᠯᠤᠰ ᠲᠤ | 25928 ᠠᠵᠤ ᠠᠬᠤᠶᠢᠯᠠᠯ ᠤᠨ 55482 ᠪᠦᠲᠦᠭᠡᠭᠳᠡᠬᠦᠨ ᠪᠣᠬᠢᠷᠳᠤᠯ ᠦᠭᠡᠢ ᠢᠳᠡᠭᠡᠨ ᠤ ᠭᠡᠷᠡᠴᠢᠯᠡᠯᠲᠡ ᠶᠢ | ᠣᠯᠪᠠ᠃ ᠡᠭᠦᠨ ᠳᠤ ᠥᠪᠥᠷ ᠮᠣᠩᠭᠤᠯ ᠤᠨ 641 ᠠᠵᠤ ᠠᠬᠤᠶᠢᠯᠠᠯ ᠤᠨ 1840 ᠪᠦᠲᠦᠭᠡᠭᠳᠡᠬᠦᠨ ᠪᠠᠭᠲᠠᠨ | ᠣᠷᠣᠵᠤ᠂ ᠪᠦᠭᠦ ᠤᠯᠤᠰ ᠲᠤ ᠳᠡᠳ᠋ᠯᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠪᠣᠬᠢᠷᠳᠤᠯ ᠦᠭᠡᠢ ᠪᠠ ᠣᠷᠭᠠᠨᠢᠭ | ᠢᠳᠡᠭᠡᠨ ᠤ ᠨᠡᠶᠢᠭᠡᠮᠯᠢᠭ ᠤᠨ ᠳᠠᠷᠤᠭ᠎ᠠ᠂ ᠥᠪᠥᠷ ᠮᠣᠩᠭᠤᠯ ᠤᠨ ᠢᠦᠢ ᠬᠠᠩ ᠷᠧᠨ ᠠᠮᠢᠳᠤ ᠪᠣᠳᠠᠰ ᠤᠨ | ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠸᠠᠩ ᠱᠠᠩ ᠢ ᠲᠠᠨᠢᠯᠴᠠᠭᠤᠯᠪᠠ᠃ | | |