ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠮᠵᠢᠶ᠎ᠡ 8000 ᠲᠦᠮᠡᠨ ᠺᠢᠯᠣᠸᠠᠲ ᠢ ᠳᠠᠪᠠᠪᠠ
ᠨᠡᠶᠢᠲᠡᠯᠡᠭᠰᠡᠨ ᠴᠠᠭ᠄
2023/12/11
     11 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠥᠨᠢᠳ ᠵᠡᠭᠦᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠲᠥᠷᠥᠯ ᠵᠦᠢᠯ ᠢ ᠵᠢᠩᠬᠢᠨᠢ ᠪᠠᠷ ᠲᠣᠣᠷ ᠲᠤ ᠨᠡᠶᠢᠯᠡᠭᠦᠯᠬᠦ ᠶᠢ ᠳᠠᠭᠠᠯᠳᠤᠨ᠂ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠮᠵᠢᠶ᠎ᠡ 8000 ᠲᠦᠮᠡᠨ ᠺᠢᠯᠣᠸᠠᠲ ᠢ ᠳᠠᠪᠠᠵᠤ᠂ ᠪᠦᠭᠦ ᠤᠯᠤᠰ ᠲᠤ ᠲᠦᠷᠦᠭᠦᠯᠡᠬᠦ ᠪᠣᠯᠣᠮᠵᠢ ᠲᠠᠢ ᠪᠣᠯᠣᠯ᠎ᠠ᠃ 1 - 11 ᠰᠠᠷ᠎ᠠ ᠪᠤᠯᠲᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠴᠠᠭᠢᠯᠭᠠᠨ ᠭᠠᠷᠭᠠᠯᠲᠠ ᠶᠢᠨ ᠬᠡᠮᠵᠢᠶ᠎ᠡ 1450 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 22.8% ᠪᠠᠷ ᠨᠡᠮᠡᠭᠳᠡᠵᠦ᠂ ᠪᠦᠭᠦ ᠤᠯᠤᠰ ᠲᠤ ᠲᠦᠷᠦᠭᠦᠯᠡᠪᠡ᠃      ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠥᠨᠢᠳ ᠵᠡᠭᠦᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠲᠥᠷᠥᠯ ᠵᠦᠢᠯ ᠪᠣᠯ ᠪᠦᠭᠦ ᠤᠯᠤᠰ ᠤᠨ ᠠᠩᠬᠠᠳᠠᠭᠴᠢ 8.5 ᠰᠠᠶ᠎ᠠ ᠸᠠᠲ ᠤᠨ ᠰᠠᠯᠬᠢᠨ ᠬᠦᠴᠦᠨ ᠤ ᠮᠠᠰᠢᠨ ᠤ ᠭᠡᠯᠪᠡᠷᠢ ᠶᠢ ᠠᠰᠢᠭᠯᠠᠯᠲᠠ ᠳᠤ ᠣᠷᠣᠭᠤᠯᠵᠤ ᠲᠣᠣᠷ ᠲᠤ ᠨᠡᠶᠢᠯᠡᠭᠦᠯᠦᠭᠰᠡᠨ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠭᠢᠯᠭᠠᠨ ᠭᠠᠷᠭᠠᠬᠤ  ᠰᠠᠭᠤᠷᠢᠨ ᠤ ᠲᠥᠷᠥᠯ ᠵᠦᠢᠯ ᠪᠣᠯᠣᠨ᠎ᠠ᠃ ᠡᠨᠡ ᠵᠢᠯ ᠤᠨ 4 ᠰᠠᠷ᠎ᠠ ᠶᠢᠨ ᠰᠡᠭᠦᠯᠴᠢ ᠪᠠᠷ ᠠᠵᠢᠯ ᠡᠬᠢᠯᠡᠭᠦᠯᠵᠦ᠂ 7 ᠰᠠᠷ᠎ᠠ ᠶᠢᠨ ᠬᠤᠭᠤᠴᠠᠭᠠᠨ ᠳᠤ ᠪᠠᠶᠢᠭᠤᠯᠵᠤ᠂ ᠵᠠᠭᠤᠨ ᠲᠦᠮᠡᠨ ᠺᠢᠯᠣᠸᠠᠲ ᠤᠨ ᠰᠠᠭᠤᠷᠢᠨ ᠤ ᠲᠥᠷᠥᠯ ᠵᠦᠢᠯ ᠤᠨ︽ᠥᠪᠡᠷ ᠤᠨ ᠥᠷᠲᠡᠭ ᠢᠶᠠᠷ ᠬᠠᠮᠤᠭ ᠤᠨ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠬᠠᠮᠤᠭ ᠤᠨ ᠣᠬᠤᠷ︾ ᠪᠣᠯᠤᠭᠰᠠᠨ ᠠᠵᠢᠯ ᠲᠥᠷᠥᠯ ᠤᠨ ᠲᠡᠮᠳᠡᠭᠯᠡᠯ ᠢ ᠡᠭᠦᠳᠴᠡᠢ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠪᠠᠷᠤᠭ 86.46 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠷᠤᠭ 256 ᠲᠦᠮᠡᠨ ᠲᠣᠨ ᠪᠠᠭᠠᠰᠬᠠᠵᠤ᠂ ᠣᠷᠴᠢᠨ ᠲᠣᠭᠤᠷᠢᠨ ᠤ ᠦᠷ᠎ᠡ ᠠᠰᠢᠭ ᠢᠯᠡᠳᠲᠡ ᠳᠡᠭᠡᠭᠰᠢᠯᠡᠬᠦ ᠪᠣᠯᠣᠨ᠎ᠠ᠃      ᠣᠶᠢᠯᠠᠭᠠᠭᠰᠠᠨ ᠢᠶᠠᠷ᠂ 11 ᠰᠠᠷ᠎ᠠ ᠶᠢᠨ ᠡᠬᠢ ᠪᠠᠷ᠂ ᠪᠦᠭᠦ ᠣᠷᠣᠨ ᠤ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠭᠤᠣᠯ ᠢᠨᠵᠧᠨᠧᠷᠢᠩ ᠪᠠ ᠬᠦᠷᠭᠡᠬᠦ ᠵᠠᠮ ᠱᠤᠭᠤᠮ ᠦᠨᠳᠦᠰᠦᠨ ᠳᠡᠭᠡᠨ ᠪᠠᠷᠢᠯᠭ᠎ᠠ ᠳᠠᠭᠤᠰᠴᠤ᠂ ᠲᠣᠣᠷ ᠲᠤ ᠨᠡᠶᠢᠯᠡᠭᠦᠯᠦᠨ ᠲᠤᠷᠰᠢᠨ ᠲᠣᠬᠢᠷᠠᠭᠤᠯᠬᠤ ᠪᠡᠯᠡᠳᠬᠡᠯ ᠱᠠᠲᠤᠨ ᠳᠤ ᠣᠷᠣᠪᠠ᠃ 11 ᠰᠠᠷ᠎ᠠ ᠶᠢᠨ 20 ᠤ ᠡᠳᠦᠷ ᠠᠴᠠ ᠡᠬᠢᠯᠡᠨ ᠠᠩᠬᠠᠨ ᠤ ᠪᠦᠯᠦᠭ ᠤᠨ 960 ᠲᠦᠮᠡᠨ ᠺᠢᠯᠣᠸᠠᠲ ᠤᠨ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠲᠤᠷᠰᠢᠬᠤ ᠠᠵᠢᠯ ᠢ ᠡᠬᠢᠯᠡᠭᠦᠯᠵᠦ᠂ 11 ᠰᠠᠷ᠎ᠠ ᠶᠢᠨ 30 ᠤ ᠡᠳᠦᠷ ᠪᠤᠯᠲᠠᠯ᠎ᠠ ᠨᠢᠭᠡᠨᠲᠡ 700 ᠲᠦᠮᠡᠨ ᠺᠢᠯᠣᠸᠠᠲ ᠪᠡᠶᠡᠯᠡᠭᠦᠯᠪᠡ᠃ 1- 11 ᠰᠠᠷ᠎ᠠ ᠪᠤᠯᠲᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠮᠵᠢᠶ᠎ᠡ 1900 ᠲᠦᠮᠡᠨ ᠺᠢᠯᠣᠸᠠᠲ ᠰᠢᠨ᠎ᠡ ᠪᠠᠷ ᠨᠡᠮᠡᠭᠳᠡᠵᠦ᠂ ᠪᠦᠭᠦ ᠤᠯᠤᠰ ᠲᠤ ᠲᠦᠷᠦᠭᠦᠯᠡᠪᠡ᠃      ᠲᠣᠣᠷ ᠲᠤ ᠨᠡᠶᠢᠯᠡᠭᠦᠯᠬᠦ ᠲᠥᠯᠥᠪᠯᠡᠭᠡ ᠶᠣᠰᠣᠭᠠᠷ᠂ 12 ᠰᠠᠷ᠎ᠠ ᠶᠢᠨ 6 ᠤ ᠡᠳᠦᠷ ᠠᠴᠠ ᠡᠬᠢᠯᠡᠨ ᠬᠤᠶᠠᠳᠤᠭᠠᠷ ᠪᠦᠯᠦᠭ ᠤᠨ 1040 ᠲᠦᠮᠡᠨ ᠺᠢᠯᠣᠸᠠᠲ ᠤᠨ ᠲᠦᠷᠦᠯ ᠵᠦᠢᠯ ᠤᠨ ᠲᠣᠣᠷ ᠲᠤ ᠨᠡᠶᠢᠯᠡᠭᠦᠯᠬᠦ ᠠᠵᠢᠯ ᠢ ᠵᠠᠯᠭᠠᠪᠡᠷ ᠡᠬᠢᠯᠡᠭᠦᠯᠬᠦ ᠪᠣᠯᠣᠨ᠎ᠠ᠂ ᠡᠭᠦᠨ ᠳᠤ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 300 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠪᠣᠯᠣᠨ ᠬᠥᠪᠴᠢ ᠶᠢᠨ ᠲᠤᠮᠳᠠᠳᠤ ᠤᠮᠠᠷᠠᠲᠤ ᠬᠡᠰᠡᠭ ᠤᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ 100 ᠲᠦᠮᠡᠨ ᠺᠢᠯᠣᠸᠠᠲ ᠤᠨ ᠬᠤᠰᠢᠭᠤᠴᠢ ᠢᠨᠵᠧᠨᠧᠷᠢᠩ ᠵᠡᠷᠭᠡ ᠪᠠᠭᠲᠠᠵᠤ ᠪᠤᠢ᠂ ᠵᠢᠱᠢᠯᠲᠡ ᠪᠠᠷ 12 ᠰᠠᠷ᠎ᠠ ᠳᠤ ᠰᠢᠨ᠎ᠡ ᠡᠨᠧᠷᠭᠢ ᠶᠢᠨ ᠰᠢᠨ᠎ᠡ ᠪᠠᠷ ᠨᠡᠮᠡᠭᠳᠡᠬᠦ ᠮᠠᠰᠢᠨ ᠴᠣᠭᠴᠠᠯᠠᠪᠤᠷᠢ ᠶᠢᠨ ᠬᠡᠮᠵᠢᠶ᠎ᠡ 1000 ᠲᠦᠮᠡᠨ ᠺᠢᠯᠣᠸᠠᠲ ᠢ ᠳᠠᠪᠠᠵᠤ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠬᠦ ᠬᠡᠮᠵᠢᠶ᠎ᠡ 9000 ᠲᠦᠮᠡᠨ ᠺᠢᠯᠣᠸᠠᠲ ᠢ ᠳᠠᠪᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠮᠵᠢᠶ᠎ᠡ᠂ ᠵᠢᠯ ᠤᠨ ᠰᠢᠨ᠎ᠡ ᠪᠠᠷ ᠨᠡᠮᠡᠭᠳᠡᠬᠦ ᠮᠠᠰᠢᠨ ᠴᠣᠭᠴᠠᠯᠠᠪᠤᠷᠢ ᠪᠣᠯᠣᠨ ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠲᠤ ᠲᠦᠷᠦᠭᠦᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号