ᠬᠤᠷᠢᠨᠭᠡᠷ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ ᠠᠮᠢ ᠨᠠᠰᠤ ᠶᠢ ᠳᠡᠭᠡᠳᠦᠯᠡᠬᠦ︾ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/12
     ᠬᠠᠷᠢᠶᠠᠲᠤ ᠣᠷᠣᠨ ᠤ ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠭᠠᠯ ᠠᠯᠳᠠᠭᠰᠠᠨ ᠠᠳᠡᠯ ᠢ ᠠᠮᠢᠳᠤᠯᠢᠭ ᠢᠶᠠᠷ ᠠᠷᠭᠠᠴᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠤᠬᠠᠭᠤᠯᠭ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠡᠯ᠎ᠡ ᠨᠡᠶᠢᠭᠡᠮ ᠲᠣᠭᠤᠷᠢᠭ ᠤᠨ ᠠᠵᠢᠯᠲᠠᠨ᠂ ᠠᠳᠠᠯ ᠠᠬᠤᠶ ᠵᠡᠷᠭᠡ ᠬᠥᠮᠦᠰ ᠲᠤ ᠭᠠᠯ ᠤᠨᠲᠠᠷᠠᠭᠠᠬᠤ ᠤᠬᠠᠭᠤᠯᠭ᠎ᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠤᠬᠠᠭᠤᠯᠤᠭᠴᠢ ᠨᠢ ᠨᠡᠶᠢᠭᠡᠮ ᠲᠣᠭᠤᠷᠢᠭ ᠤᠨ ᠠᠵᠢᠯᠲᠠᠨ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠳᠤ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢᠨ ᠠᠮᠤᠷ ᠲᠦᠪᠰᠢᠨ ᠤ ᠠᠴᠢ ᠬᠤᠯᠪᠣᠭᠳᠠᠯ ᠢ ᠦᠨᠡᠨ ᠬᠦ ᠲᠠᠨᠢᠭᠤᠯᠵᠤ᠂ ᠭᠠᠯ ᠤᠨᠲᠠᠷᠠᠭᠠᠬᠤ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠠᠵᠢᠯᠲᠠᠳ ᠢ ᠥᠷᠭᠡᠨ ᠢᠶᠠᠷ ᠲᠠᠶᠢᠴᠢᠯᠠᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ ᠨᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠦᠨᠡᠨᠬᠦ ᠨᠡᠶᠢᠭᠡᠮ ᠲᠣᠭᠤᠷᠢᠭ ᠤᠨ ᠡᠯ᠎ᠡ ᠥᠨᠴᠥᠭ ᠪᠤᠯᠤᠩ ᠳᠤ ᠬᠦᠷᠲᠡᠯ᠎ᠡ ᠦᠷᠭᠦᠯᠵᠢᠯᠡᠭᠦᠯᠬᠦ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ︽ᠠᠮᠢ ᠨᠠᠰᠤᠨ ᠤ ᠵᠠᠮ︾᠂ ᠳᠠᠷᠤᠢ ᠠᠮᠤᠷ ᠲᠦᠪᠰᠢᠨ ᠤ ᠨᠡᠪᠲᠡᠷᠡᠬᠦ ᠵᠠᠮ ᠢ ᠪᠥᠭᠯᠡᠬᠦ᠂ ᠡᠵᠡᠯᠡᠨ ᠬᠡᠷᠡᠭᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ ᠴᠡᠭᠴᠡᠯᠡᠨ ᠵᠠᠰᠠᠬᠤ ᠪᠠᠶᠢᠳᠠᠯ ᠢ ᠪᠠᠲᠤᠯᠠᠵᠤ᠂ ᠬᠥᠮᠦᠰ ᠢ ᠠᠮᠤᠷ ᠲᠦᠪᠰᠢᠨ ᠢᠶᠠᠷ ᠲᠠᠷᠬᠠᠭᠠᠨ ᠠᠮᠢ ᠵᠢᠭᠤᠲᠠᠭᠤᠯᠬᠤ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠵᠤ᠂ ᠠᠳᠡᠯ ᠤᠨ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠵᠤ᠂ ᠬᠠᠷᠢᠶᠠᠲᠤ ᠣᠷᠣᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ ᠤᠨ ᠲᠣᠭᠲᠠᠭᠤᠨ ᠪᠠᠶᠢᠬᠤ ᠶᠢ ᠡᠷᠡᠰ ᠪᠠᠲᠤᠯᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号