ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠬᠠᠩᠭᠠᠬᠤ ᠦᠢᠯᠡᠴᠢᠯᠡᠭᠡ ᠶᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/12
     12 ᠰᠠᠷ᠎ᠠ ᠶᠢᠨ 6 ᠤ ᠡᠳᠦᠷ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠲᠠᠢ ᠴᠠᠬᠢᠯᠭᠠᠨ ᠬᠠᠩᠭᠠᠬᠤ ᠦᠢᠯᠡᠴᠢᠯᠡᠭᠡ ᠶᠢ ᠭᠦᠨᠵᠡᠭᠡᠶ ᠵᠣᠯᠭᠠᠭᠤᠯᠵᠤ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ᠂ ᠨᠠᠮ ᠤᠨ ᠬᠤᠷᠢᠶᠠᠨ ᠤ ᠳᠡᠳ᠋ ᠱᠦᠵᠢ ᠶᠢᠨ ᠴᠢᠩ᠂ ᠬᠤᠷᠢᠨᠭᠡᠷ ᠰᠢᠶᠠᠨ ᠤ ᠬᠤᠯᠪᠣᠭᠳᠠᠯ ᠪᠥᠬᠦᠶ ᠤᠳᠤᠷᠢᠳᠤᠯᠭ᠎ᠠ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ᠂ ᠠᠵᠤ ᠠᠬᠤᠶᠢᠯᠠᠯ ᠵᠢᠴᠢ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠶᠢᠨ ᠴᠢᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠪᠣᠳᠠᠲᠤ ᠪᠠᠶᠢᠳᠠᠯ ᠳᠤ ᠰᠠᠭᠤᠷᠢᠯᠠᠨ᠂ ᠠᠯᠤᠰ ᠬᠡᠳᠦ ᠶᠢ ᠪᠣᠳᠣᠯᠬᠢᠯᠠᠵᠤ᠂ ᠬᠤᠷᠢᠨᠭᠡᠷ ᠰᠢᠶᠠᠨ ᠯᠤᠭ᠎ᠠ ᠶᠢᠨ ᠵᠣᠯᠭᠠᠯᠴᠠᠭ᠎ᠠ ᠵᠣᠬᠢᠴᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠪᠣᠳᠠᠲᠠᠶ ᠶᠢ ᠡᠷᠬᠢᠮᠯᠡᠭᠰᠡᠨ ᠢᠳᠡᠪᠬᠢᠲᠡᠶ ᠣᠪᠣᠷ ᠢᠶᠠᠷ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠠᠬᠢᠯᠭᠠᠨ ᠬᠠᠩᠭᠠᠬᠤ ᠬᠡᠷᠡᠭᠴᠡᠭᠡ ᠱᠠᠭᠠᠷᠳᠠᠯᠭ᠎ᠠ ᠵᠡᠷᠭᠡ ᠬᠠᠮᠢᠶ᠎ᠠ ᠪᠥᠬᠦᠶ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠰᠢᠢᠳᠪᠦᠷᠢᠯᠡᠵᠦ᠂ ᠬᠠᠮᠲᠤᠷᠠᠯᠴᠠᠭᠠᠨ ᠤ ᠬᠦᠷᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠬᠤᠷᠢᠨᠭᠡᠷ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠠᠮᠤᠷ ᠲᠦᠪᠰᠢᠨ᠂ ᠴᠢᠨᠠᠷ ᠰᠠᠶᠢᠲᠠᠶ᠂ ᠨᠠᠶᠢᠳᠠᠪᠤᠷᠢᠲᠠᠶ ᠴᠠᠬᠢᠯᠭᠠᠨ ᠬᠦᠴᠦᠨ ᠤ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠪᠣᠯᠣᠨ᠎ᠠ᠃      ᠭᠤᠤ ᠹᠧᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠣᠷᠳᠣ ᠬᠤᠭᠤᠴᠠᠭᠠᠨ ᠤ ᠲᠤᠷᠰᠢ ᠬᠤᠷᠢᠨᠭᠡᠷ ᠰᠢᠶᠠᠨ ᠤ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠬᠤᠷᠢᠨᠭᠡᠷ ᠰᠢᠶᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ ᠲᠡᠷᠡ᠂ ᠪᠠᠶᠢᠩᠭᠤ ᠶᠢᠨ ᠴᠢᠨᠠᠷᠲᠠᠢ ᠤᠯᠤᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠶᠢ ᠬᠠᠮᠲᠤᠪᠠᠷ ᠰᠠᠶᠢᠲᠤᠷ ᠬᠢᠵᠦ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠰᠠᠭ ᠠᠵᠤ ᠠᠬᠤᠶᠢᠯᠠᠯ ᠤᠨ ᠬᠠᠮᠵᠢᠯᠴᠠᠬᠤ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠠᠩᠭᠠᠬᠤ ᠺᠣᠮᠫᠠᠨᠢ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠢᠳᠡᠪᠬᠢᠲᠡᠶ ᠲᠣᠬᠢᠲᠠᠶ ᠨᠠᠶᠢᠳᠠᠪᠤᠷᠢᠵᠢᠭᠤᠯᠵᠤ᠂ ᠴᠠᠬᠢᠯᠭᠠᠨ ᠤ ᠲᠣᠤᠷ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠦᠨᠡᠮᠯᠡᠯ ᠢ ᠭᠦᠢᠴᠡᠳᠬᠡᠬᠦ᠂ ᠴᠢᠬᠤᠯᠠ ᠶᠡᠭᠡ ᠴᠠᠬᠢᠯᠭᠠᠨ ᠬᠦᠴᠦᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠭᠠᠵᠠᠷ ᠣᠷᠣᠨ ᠤ ᠡᠯ᠎ᠡ ᠵᠦᠢᠯ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号