ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠭᠤᠸᠠᠩᠵᠧᠦ ᠬᠤᠳᠠ ᠶᠢᠨ ᠪᠠᠢ ᠶᠦᠨ ᠲᠣᠭᠤᠷᠢᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠦᠯᠵᠢᠶᠡᠨ ᠳᠡᠭᠡᠷᠡᠬᠢ ᠬᠠᠤᠯᠢ ᠬᠡᠷᠡᠭᠵᠢᠭᠦᠯᠦᠯᠲᠡ ᠶᠢᠨ ᠰᠣᠯᠢᠯᠴᠠᠭ᠎ᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/13
     ᠰᠣᠶᠣᠯ ᠪᠠ ᠵᠢᠭᠤᠯᠴᠢᠯᠠᠯ ᠤᠨ ᠶᠠᠮᠤᠨ ᠤ 2021 — 2023 ᠣᠨ ᠤ ᠭᠤᠷᠪᠠᠨ ᠵᠢᠯ ᠤᠨ ᠬᠤᠭᠤᠴᠠᠭ᠎ᠠ ᠲᠠᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠣᠯᠢᠯᠴᠠᠬᠤ ᠶᠢ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽ᠲᠧᠩ ᠰᠢᠶᠦ᠋ᠨ ᠬᠤᠷᠠᠯ︾ ᠤᠨ ᠲᠠᠪᠴᠠᠩ ᠢᠶᠠᠷ ᠳᠠᠮᠵᠢᠭᠤᠯᠤᠨ ᠭᠤᠸᠠᠩᠵᠧᠦ ᠬᠤᠲᠠ ᠶᠢᠨ ᠪᠠᠶ ᠶᠦᠨ ᠲᠣᠭᠤᠷᠢᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠰᠦᠯᠵᠢᠶᠡᠨ ᠳᠡᠭᠡᠷᠡᠬᠢ ᠬᠠᠤᠯᠢ ᠬᠡᠷᠡᠭᠵᠢᠭᠦᠯᠬᠦ ᠰᠣᠯᠢᠯᠴᠠᠭ᠎ᠠ ᠥᠷᠨᠢᠭᠦᠯᠵᠦ᠂ ᠬᠤᠶᠠᠷ ᠭᠠᠵᠠᠷ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ ᠣᠷᠣᠯᠴᠠᠭᠰᠠᠨ ᠪᠥᠭᠡᠳ ᠬᠠᠤᠯᠢ ᠬᠡᠷᠡᠭᠵᠢᠭᠦᠯᠬᠦ ᠰᠣᠯᠢᠯᠴᠠᠭ᠎ᠠ ᠬᠢᠭᠰᠡᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠬᠤᠶᠠᠷ ᠭᠠᠵᠠᠷ ᠤᠨ ᠰᠣᠯᠢᠯᠴᠠᠭ᠎ᠠ ᠬᠠᠮᠵᠢᠯᠴᠠᠭ᠎ᠠ ᠶᠢᠨ ᠵᠠᠭᠪᠤᠷ ᠲᠤ ᠰᠢᠨ᠎ᠡ ᠲᠤᠷᠰᠢᠯᠲᠠ ᠬᠢᠵᠦ᠂ ᠬᠤᠶᠠᠷ ᠭᠠᠵᠠᠷ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠣᠯᠢᠯᠴᠠᠭ᠎ᠠ ᠬᠠᠮᠵᠢᠯᠴᠠᠭ᠎ᠠ ᠶᠢᠨ ᠬᠥᠰᠢᠭᠡ ᠶᠢ ᠨᠡᠭᠡᠭᠡᠵᠦ᠂ ᠬᠤᠶᠠᠷ ᠭᠠᠵᠠᠷ ᠤᠨ ᠬᠤᠭᠤᠷᠣᠨᠳᠣᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠠᠯ᠎ᠠ ᠪᠠᠷ ᠬᠢ ᠰᠣᠯᠢᠯᠴᠠᠭ᠎ᠠ ᠬᠠᠮᠵᠢᠯᠴᠠᠭ᠎ᠠ ᠶᠢ ᠦᠨᠡᠨ ᠬᠦ ᠴᠢᠩᠭᠠᠳᠬᠠᠵᠤ᠂ ᠬᠤᠶᠠᠷ ᠭᠠᠵᠠᠷ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠶᠢᠵᠢᠯᠲᠠ᠂ ᠵᠢᠷᠤᠮᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠷᠭᠦᠯᠵᠢᠯᠡᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠰᠣᠯᠢᠯᠴᠠᠭᠠᠨ ᠤ ᠰᠢᠨ᠎ᠡ ᠬᠡᠪ ᠵᠠᠭᠪᠤᠷ᠂ ᠰᠢᠨ᠎ᠡ ᠰᠡᠳᠬᠢᠮᠵᠢ ᠶᠢ ᠰᠦᠪᠡᠭᠴᠢᠯᠡᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭ ᠢᠶᠠᠷ ᠪᠣᠯᠪᠠᠰᠤᠷᠠᠭᠤᠯᠤᠯ ᠬᠢᠵᠦ᠂ ᠲᠤᠬᠠᠶ ᠶᠢᠨ ᠲᠠᠯᠠᠪᠤᠷ ᠲᠤ ᠰᠠᠭᠤᠵᠤ ᠬᠠᠤᠯᠢ ᠬᠡᠷᠡᠭᠵᠢᠭᠦᠯᠬᠦ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠭᠠᠳᠠᠭᠰᠢ ᠭᠠᠷᠴᠤ ᠤᠷᠢᠵᠤ ᠠᠪᠴᠢᠷᠠᠭᠠᠳ ᠬᠠᠤᠯᠢ ᠬᠡᠷᠡᠭᠵᠢᠭᠦᠯᠦᠯᠲᠡ ᠶᠢᠨ ᠰᠣᠯᠢᠯᠴᠠᠭ᠎ᠠ ᠬᠢᠨ᠎ᠠ᠃ ᠬᠠᠤᠯᠢ ᠬᠡᠷᠡᠭᠵᠢᠭᠦᠯᠦᠯᠲᠡ ᠶᠢᠨ ᠰᠣᠯᠢᠯᠴᠠᠭ᠎ᠠ ᠪᠠᠷ ᠳᠠᠮᠵᠢᠭᠤᠯᠤᠨ᠂ ᠪᠦᠬᠦ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号