ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠡᠪᠦᠯ ᠤᠨ ᠤᠯᠠᠷᠢᠯ ᠤᠨ ᠡᠮ ᠬᠡᠷᠡᠭᠯᠡᠬᠦ ᠠᠮᠤᠷ ᠲᠥᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/12/14
     ᠡᠪᠦᠯ ᠤᠨ ᠤᠯᠠᠷᠢᠯ ᠳᠤ ᠠᠮᠢᠰᠬᠤᠯ ᠤᠨ ᠵᠠᠮ ᠤᠨ ᠡᠪᠡᠳᠴᠢᠨ᠂ ᠬᠠᠯᠳᠠᠪᠤᠷᠢᠲᠤ ᠲᠠᠭᠰᠢᠭᠤᠷ ᠣᠯᠠᠨ ᠡᠭᠦᠰᠴᠦ ᠂ ᠡᠮ ᠬᠡᠷᠡᠭᠯᠡᠬᠦ ᠬᠡᠷᠡᠭᠴᠡᠭᠡ ᠨᠡᠮᠡᠭᠳᠡᠵᠦ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠡᠮ ᠤᠨ ᠵᠦᠢᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠠᠰᠤᠷᠠᠯᠲᠠ ᠥᠬᠡᠶ ᠴᠡᠪᠡᠷᠰᠢᠭᠦᠯᠵᠦ᠂ ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠬᠤ ᠶᠢᠨ ᠲᠥᠯᠥᠭᠡ᠂ 12 ᠰᠠᠷ᠎ᠠ ᠠᠴᠠ ᠨᠠᠰᠢ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠪᠦᠯ ᠤᠨ ᠤᠯᠠᠷᠢᠯ ᠤᠨ ᠡᠮ ᠬᠡᠷᠡᠭᠯᠡᠬᠦ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠠᠪᠤᠭᠳᠠᠭᠤᠯᠪᠠ᠃      ᠲᠤᠰ ᠤᠳᠠᠭᠠᠨ ᠤ ᠪᠠᠶᠢᠴᠠᠭᠠᠯᠲᠠ ᠨᠢ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠡᠮᠴᠢᠯᠡᠭᠡᠨ ᠤ ᠪᠠᠶᠢᠭᠤᠯᠤᠮᠵᠢ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠪᠠᠷ ᠭᠤᠣᠯᠳᠠᠯᠭ᠎ᠠ ᠪᠣᠯᠭᠠᠵᠤ᠂ ᠠᠮᠢᠰᠬᠤᠯ ᠤᠨ ᠵᠠᠮ ᠤᠨ ᠡᠪᠡᠳᠴᠢᠨ ᠡᠮᠭᠡᠭ ᠲᠤ ᠬᠡᠷᠡᠭᠯᠡᠬᠦ ᠡᠮ᠂ ᠨᠠᠰᠤᠲᠠᠶᠢᠴᠤᠳ ᠵᠢᠴᠢ ᠬᠡᠤᠬᠡᠳ ᠲᠤ ᠬᠡᠷᠡᠭᠯᠡᠬᠦ ᠡᠮ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠵᠤ᠂ ᠬᠤᠳᠠᠯᠳᠤᠨ ᠣᠷᠣᠭᠤᠯᠤᠭᠰᠠᠨ ᠫᠢᠶᠣᠣ ᠪᠠᠷᠢᠮᠲᠠ᠂ ᠡᠮ ᠤᠨ ᠵᠦᠢᠯ ᠤᠨ ᠬᠠᠳᠠᠭᠠᠯᠠᠯᠲᠠ᠂ ᠪᠡᠯᠡᠳᠬᠡᠮᠵᠢ ᠲᠥᠬᠦᠭᠡᠷᠦᠮᠵᠢ ᠳᠣᠭᠢᠷᠠᠭᠤᠯᠬᠤ ᠵᠡᠷᠭᠡ ᠪᠠᠶᠢᠳᠠᠯ ᠳᠤ ᠴᠢᠭᠯᠡᠭᠦᠯᠦᠨ ᠨᠠᠷᠢᠨ ᠨᠢᠭᠲᠠ ᠪᠠᠶᠢᠴᠠᠭᠠᠯᠲᠠ ᠬᠢᠬᠦ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠬᠡᠷᠴᠢᠮ ᠡᠮ ᠤᠨ ᠬᠠᠮᠢᠶᠠᠷᠤᠯᠲᠠ᠂ ᠪᠣᠷᠣᠯᠠᠭᠤᠯᠭ᠎ᠠ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠯᠲᠠ ᠬᠢᠵᠦ᠂ ᠡᠮ ᠤᠨ ᠵᠦᠢᠯ ᠢ ᠡᠵᠡᠩᠨᠡᠨ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠪᠠᠷ ᠵᠢᠷᠤᠮᠵᠢᠯ ᠢ ᠠᠬᠢᠭᠤᠯᠬᠤ ᠶᠢ ᠪᠡᠶᠡᠯᠡᠭᠦᠯᠬᠦ ᠪᠣᠯᠣᠨ᠎ᠠ᠃      ᠡᠭᠦᠨ ᠠᠴᠠ ᠭᠠᠳᠠᠨ᠎ᠠ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠪᠲᠦᠷᠲᠦ ᠪᠷᠤᠮ ᠬᠦᠴᠢᠯ ᠤᠨ ᠶᠢᠦ ᠮᠧᠶ ᠱᠠ ᠹᠧᠨ ᠤ ᠤᠤᠭᠤᠬᠤ ᠲᠠᠩ ᠵᠣᠷ ᠤᠨ ᠨᠠᠶᠢᠷᠠᠯᠲᠠ ᠪᠠ ᠣᠨᠴᠠᠭᠠᠶ ᠡᠮ ᠤᠨ ᠵᠦᠢᠯ ᠢ ᠠᠭᠤᠯᠤᠭᠰᠠᠨ ᠨᠡᠶᠢᠯᠡᠮᠡᠯ ᠵᠣᠷ ᠤᠨ ᠨᠠᠶᠢᠷᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ᠂ ᠵᠣᠷ ᠤᠨ ᠡᠮ ᠪᠠ ᠵᠣᠷ ᠤᠨ ᠪᠤᠰᠤ ᠡᠮ ᠢ ᠲᠥᠷᠥᠯ ᠬᠤᠪᠢᠶᠠᠨ ᠬᠠᠮᠢᠶᠠᠷᠬᠤ᠂ ᠪᠣᠷᠣᠯᠠᠭᠤᠯᠬᠤ ᠲᠤᠭ᠎ᠠ ᠬᠡᠮᠵᠢᠶ᠎ᠡ ᠶᠢ ᠬᠠᠮᠢᠶᠠᠷᠤᠨ ᠡᠵᠡᠮᠳᠡᠬᠦ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠪᠠᠷ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃ ᠨᠥᠭᠦᠭᠡ ᠲᠠᠯ᠎ᠠ ᠪᠠᠷ᠂ ᠣᠳᠣᠬᠠᠨ ᠳᠤ ᠶᠠᠭ ᠥᠷᠨᠢᠭᠦᠯᠵᠦ ᠪᠠᠶᠢᠭ᠎ᠠ ︽ᠪᠥᠬᠦ ᠤᠯᠤᠰ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠰᠠᠷ᠎ᠠ︾ ᠶᠢᠨ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠪᠠᠶᠢᠴᠠᠭᠠᠬᠤ ᠶᠠᠪᠤᠴᠠ ᠳᠤ ᠠᠮᠤᠷ ᠲᠦᠪᠰᠢᠨ ᠢᠶᠠᠷ ᠡᠮ ᠬᠡᠷᠡᠭᠯᠡᠬᠦ᠂ ᠵᠦᠶ ᠵᠣᠬᠢᠰᠲᠠᠶ ᠪᠠᠷ ᠡᠮ ᠬᠡᠷᠡᠭᠯᠡᠬᠦ ᠵᠡᠷᠭᠡ ᠮᠡᠳᠡᠯᠭᠡ ᠶᠢ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠶᠢ ᠳᠥᠯᠭᠢᠨ ᠠᠬᠢᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠪᠦᠯ ᠤᠨ ᠤᠯᠠᠷᠢᠯ ᠤᠨ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠪᠠ ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠨᠡᠶᠢᠳᠡᠮ ᠵᠢᠭᠰᠠᠭᠠᠨ ᠪᠠᠶᠢᠴᠠᠭᠠᠬᠤ ᠪᠠ ᠭᠡᠨᠡᠳᠲᠡ ᠶᠢᠨ ᠪᠠᠶᠢᠴᠠᠭᠠᠯᠲᠠ ᠬᠢᠬᠦ ᠶᠢ ᠬᠠᠷᠢᠯᠴᠠᠨ ᠤᠶᠠᠯᠳᠤᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠳᠤ ᠴᠠᠭ ᠲᠤᠬᠠᠶ ᠳᠤᠨᠢ ᠬᠠᠷᠢᠭᠤ ᠥᠭᠴᠦ᠂ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号