ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠵᠠᠮ ᠢ ᠨᠡᠭᠡᠭᠡᠬᠦ ᠬᠡᠷᠡᠭᠲᠡᠢ
ᠨᠡᠶᠢᠲᠡᠯᠡᠭᠰᠡᠨ ᠴᠠᠭ᠄
2023/12/18
     - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ 11      ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠤ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ ᠭᠡᠵᠦ ᠳᠤᠷᠠᠳᠴᠤ᠂ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠪᠦᠲᠦᠴᠡ ᠶᠢᠨ ᠴᠢᠨᠠᠷ ᠤᠨ ᠬᠠᠷᠠᠭᠠᠰᠤ ᠠᠴᠠ ᠴᠢᠨᠠᠷ ᠰᠠᠶᠢᠲᠠᠢ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠵᠠᠢ᠃      ᠡᠬᠢ ᠪᠠᠶᠠᠯᠢᠭ ᠢ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠬᠢᠭᠡᠳ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ ᠪᠠᠲᠤᠯᠠᠬᠤ ᠶᠢᠨ ᠵᠠᠩᠭᠢᠯᠠᠭ᠎ᠠ ᠨᠢ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠳᠤ ᠪᠤᠢ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠨᠥᠬᠦᠪᠦᠷᠢ ᠶᠢᠨ ᠲᠣᠭᠲᠠᠴᠠ ᠪᠠ ᠠᠰᠢᠭ ᠲᠤᠰᠠ ᠶᠢᠨ ᠬᠤᠪᠢᠶᠠᠷᠢᠯᠠᠯᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠨ ᠵᠠᠰᠠᠬᠤ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠪᠣᠬᠢᠷᠳᠤᠯ ᠦᠭᠡᠢ ᠨᠡᠭᠡᠭᠡᠨ ᠠᠰᠢᠭᠯᠠᠬᠤ᠂ ᠠᠰᠢᠭ ᠣᠯᠵᠠᠪᠤᠷᠢ ᠶᠢ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃ ᠮᠠᠨ ᠤ ᠣᠷᠣᠨ ᠤ ᠡᠯ᠎ᠡ ᠭᠠᠵᠠᠷ ᠤᠨ ᠬᠥᠭᠵᠢᠯᠲᠡ ᠶᠢᠨ ᠲᠦᠪᠰᠢᠨ᠂ ᠡᠬᠢ ᠪᠠᠶᠠᠯᠢᠭ ᠤᠨ ᠨᠥᠬᠦᠴᠡᠯ ᠪᠠ ᠬᠦᠴᠦᠨ ᠵᠦᠢᠯ ᠤᠨ ᠳᠠᠪᠠᠭᠤᠯᠢᠭ ᠤᠨ ᠵᠥᠷᠢᠶ᠎ᠡ ᠶᠢ ᠭᠦᠢᠴᠡᠳ ᠪᠣᠳᠣᠯᠬᠢᠯᠠᠵᠤ᠂ ᠡᠨᠧᠷᠭᠢ ᠡᠬᠢ ᠪᠠᠶᠠᠯᠢᠭ ᠤᠨ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠤᠨ᠂ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠲᠣᠭᠲᠠᠭᠠᠬᠤ ᠬᠡᠷᠡᠭᠲᠡᠢ᠃ ᠲᠣᠰᠬᠤᠨ ᠤ ᠬᠠᠮᠲᠤ ᠨᠢ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠠᠰᠢᠭᠯᠠᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠣᠲᠣ ᠦᠶ᠎ᠡ ᠶᠢᠨ ᠲᠠᠷᠢᠶᠠᠯᠠᠩ ᠤᠨ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠬᠤ ᠪᠠ ᠰᠢᠨ᠎ᠡ ᠡᠨᠧᠷᠭᠢ ᠶᠢ ᠬᠥᠭᠵᠢᠭᠦᠯᠬᠦ ᠶᠢ ᠰᠦᠪᠡᠭᠴᠢᠯᠡᠵᠦ᠂ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠲᠤ ᠨᠡᠩ ᠲᠣᠭᠲᠠᠭᠤᠨ᠂ ᠠᠮᠤᠷ ᠲᠦᠪᠰᠢᠨ᠂ ᠪᠣᠬᠢᠷᠳᠤᠯ ᠦᠭᠡᠢ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠬᠠᠩᠭᠠᠬᠤ ᠪᠣᠯ ᠥᠪᠥᠷ ᠮᠣᠩᠭᠤᠯ ᠤᠨ ᠴᠢᠬᠤᠯᠠ ᠡᠭᠦᠷᠭᠡ ᠪᠣᠯᠣᠨ᠎ᠠ᠃ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠮᠤᠵᠢ ᠣᠷᠣᠨ ᠠᠯᠤᠰᠯᠠᠭᠰᠠᠨ ᠴᠠᠭᠢᠯᠭᠠᠨ ᠬᠦᠷᠭᠡᠬᠦ ᠢᠨᠵᠧᠨᠧᠷᠢᠩ ᠤᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠠᠵᠤ ᠠᠬᠤᠶᠢᠯᠠᠯ ᠤᠨ ᠮᠤᠵᠢ ᠣᠷᠣᠨ ᠤ ᠬᠤᠭᠤᠷᠣᠨᠳᠣᠭᠢ ᠪᠡᠯᠡᠨ ᠪᠠᠷᠠᠭᠠᠨ ᠤ ᠠᠷᠠᠯᠵᠢᠶ᠎ᠠ ᠳᠤ ᠣᠷᠤᠯᠴᠠᠬᠤ ᠶᠢ ᠠᠬᠢᠭᠤᠯᠵᠤ᠂ ᠭᠦᠭᠡᠬᠤᠲᠠ ᠶᠢᠨ ᠡᠨᠧᠷᠭᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠭᠠᠵᠠᠷ ‍ᠦᠨ‌ᠠᠵᠤ ᠠᠬᠤᠢ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠦᠬᠠᠢ᠂ ᠣᠷᠳᠣᠰ ᠤᠨ ᠮᠧᠩ ᠰᠢ ᠪᠣᠯᠣᠨ ᠦᠵᠦᠭᠦᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠯᠠᠱᠠ ᠶᠢᠨ ᠤᠰᠤᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢᠶᠠᠨ ᠨᠡᠶᠢᠳᠬᠡᠵᠦ᠂ ᠬᠠᠮᠢᠶᠠᠷᠤᠯᠲᠠ ᠶᠢᠨ ᠪᠠᠶᠢᠭᠤᠯᠤᠮᠵᠢ  ᠶᠢ ᠰᠢᠯᠤᠭᠤᠳᠬᠠᠬᠤ ᠬᠡᠷᠡᠭᠲᠡᠢ᠃      ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠃ ᠭᠡᠯᠪᠡᠷᠢ ᠪᠠᠨ ᠬᠤᠪᠢᠷᠠᠭᠤᠯᠬᠤ ᠴᠢᠭᠯᠡᠯ ᠢ ᠣᠨᠣᠪᠴᠢᠲᠠᠢ ᠡᠷᠢᠵᠦ᠂ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠴᠤᠴᠠᠯᠲᠠ ᠦᠭᠡᠢ ᠴᠢᠷᠮᠠᠶᠢᠪᠠᠯ ᠪᠢᠳᠡ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠵᠠᠮ ᠢ ᠨᠡᠭᠡᠭᠡᠵᠦ ᠴᠢᠳᠠᠬᠤ ᠨᠢ ᠯᠠᠪᠲᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号