12 ᠰᠠᠷ᠎ᠠ ᠶᠢᠨ 8 ᠤ ᠡᠳᠦᠷ᠂ ︽︿ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠪᠠᠷᠢᠮᠲᠠᠯᠠᠬᠤ﹀ | ᠲᠤᠬᠠᠢ ᠲᠣᠭᠲᠠᠭᠠᠯ ᠤᠳ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠶᠠᠪᠤᠭᠳᠠᠪᠠ᠃ ᠣᠶᠢᠯᠠᠭᠠᠭᠰᠠᠨ ᠢᠶᠠᠷ | ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠵᠢᠯ | ᠦᠢᠯᠡᠰ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ﹀ ᠲᠤᠬᠠᠢ ᠲᠣᠭᠲᠠᠭᠠᠯ ᠤᠳ︾ ᠢ ᠡᠬᠢᠯᠡᠨ ᠬᠡᠷᠡᠭᠵᠢᠭᠦᠯᠵᠡᠢ᠃ | ᠬᠤᠷᠠᠯ ᠳᠡᠭᠡᠷ᠎ᠡ ᠲᠠᠨᠢᠯᠴᠠᠭᠤᠯᠤᠭᠰᠠᠨ ᠢᠶᠠᠷ᠂ ︽︿ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ | ᠪᠠᠷᠢᠮᠲᠠᠯᠠᠬᠤ﹀ ᠲᠤᠬᠠᠢ ᠲᠣᠭᠲᠠᠭᠠᠯ ᠤᠳ︾ ᠨᠢ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠴᠢᠳᠠᠪᠬᠢ ᠶᠢ | ᠳᠡᠭᠡᠭᠰᠢᠯᠡᠭᠦᠯᠵᠤ᠂ ᠡᠯ᠎ᠡ ᠲᠦᠷᠦᠯ ᠤᠨ ᠠᠳᠡᠯ ᠭᠠᠷᠬᠤ ᠠᠴᠠ ᠰᠡᠷᠭᠡᠶᠢᠯᠡᠨ ᠵᠠᠶᠢᠯᠠᠰᠬᠢᠬᠤ ᠳᠤ ᠲᠦᠷᠦ ᠶᠢᠨ ᠪᠣᠳᠣᠯᠭ᠎ᠠ | ᠶᠢᠨ ᠦᠨᠳᠦᠰᠦᠯᠡᠯ ᠬᠠᠩᠭᠠᠵᠠᠢ᠃ ᠲᠣᠭᠲᠠᠭᠠᠯ ᠳᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ | ᠶᠢ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ | ᠲᠣᠳᠣᠷᠬᠠᠶᠢᠯᠠᠪᠠ᠃ ᠰᠠᠯᠠᠭ᠎ᠠ ᠮᠥᠴᠢᠷ ᠬᠠᠮᠲᠤᠷᠠᠨ ᠬᠠᠮᠢᠶᠠᠷᠬᠤ ᠶᠢ ᠴᠢᠩᠭᠠᠳᠬᠠᠵᠤ᠂ ᠪᠣᠳᠠᠲᠠᠢ ᠠᠵᠢᠯ ᠤᠨ | ᠱᠠᠭᠠᠷᠳᠠᠯᠭ᠎ᠠ ᠲᠣᠭᠲᠠᠭᠠᠨ ᠥᠭᠴᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠤ ᠠᠵᠢᠯ ᠤᠨ ᠳᠤᠮᠳᠠ ᠣᠷᠣᠰᠢᠵᠤ ᠪᠠᠶᠢᠬᠤ ᠠᠵᠢᠯ ᠦᠢᠯᠡᠰ | ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠣᠳᠣᠷᠬᠠᠢ ᠪᠤᠰᠤ ᠠᠰᠠᠭᠤᠳᠠᠯ ᠳᠤ | ᠭᠤᠣᠯᠳᠠᠯᠭ᠎ᠠ ᠲᠠᠢ ᠴᠢᠭᠯᠡᠭᠦᠯᠦᠨ 44 ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ | ᠲᠥᠪ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ | ᠡᠭᠦᠷᠭᠡ ᠬᠠᠷᠢᠭᠤᠴᠠᠯᠭ᠎ᠠ ᠶᠢ ᠨᠠᠷᠢᠨ ᠲᠣᠳᠣᠷᠬᠠᠢ ᠬᠤᠪᠢᠶᠠᠷᠢᠯᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠰᠣᠯᠪᠢᠴᠠᠬᠤ ᠪᠠ ᠰᠢᠨ᠎ᠡ ᠪᠠᠷ ᠪᠤᠢ ᠪᠣᠯᠤᠭᠰᠠᠨ ᠠᠵᠢᠯ ᠦᠢᠯᠡᠰ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠢ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠳᠤᠮᠳᠠ ᠣᠷᠣᠰᠢᠵᠤ ᠪᠦᠬᠦᠢ ᠠᠰᠠᠭᠤᠳᠠᠯ ᠢ | ᠰᠢᠢᠳᠪᠦᠷᠢᠯᠡᠪᠡ᠃ ᠮᠥᠨ ᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠠᠢ᠃ ᠠᠮᠤᠷ ᠲᠦᠪᠰᠢᠨᠤ ᠰᠡᠷᠭᠡᠶᠢᠯᠡᠯᠲᠡ᠂ ᠠᠮᠤᠷ ᠲᠦᠪᠰᠢᠨ ᠤ | ᠠᠪᠤᠷᠠᠨᠲ᠋ᠤᠰᠠᠯᠠᠯᠲᠠ᠂ ᠬᠥᠬᠢᠭᠦᠯᠦᠨ ᠱᠠᠩᠨᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠠᠯ᠎ᠠ ᠳᠤ ᠪᠣᠳᠠᠲᠠᠢ | ᠱᠠᠭᠠᠷᠳᠠᠯᠭ᠎ᠠ ᠳᠤᠷᠠᠳᠪᠠ᠃ |