15 ᠭᠠᠴᠠᠭ᠎ᠠ ᠲᠣᠰᠬᠤᠨ ᠤ ᠱᠦᠵᠢ ᠡᠷᠳᠡᠮ ᠴᠢᠳᠠᠪᠤᠷᠢ ᠪᠠᠨ ᠮᠥᠷᠥᠶᠢᠴᠡᠯ᠎ᠡ
ᠨᠡᠶᠢᠲᠡᠯᠡᠭᠰᠡᠨ ᠴᠠᠭ᠄
2023/12/18
     ᠲᠦᠷᠦᠭᠦᠬᠡᠨ ᠪᠦᠭᠦ ᠣᠷᠣᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠤ ᠲᠠᠪᠴᠠᠩᠳᠦ ᠤᠷᠤᠯᠳᠤᠭᠠᠨ ᠭᠦᠭᠡᠬᠤᠳᠠ ᠳᠤ ᠶᠠᠪᠤᠭᠳᠠᠯ᠎ᠠ᠃ ᠪᠦᠭᠦ ᠣᠷᠣᠨ ᠤ ᠠᠶᠢᠮᠠᠭ ᠬᠤᠲᠠ ᠠᠴᠠ ᠢᠷᠡᠭᠰᠡᠨ 15 ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠵᠢᠯ ᠤᠨ ᠪᠠᠶᠢᠷᠢ ᠪᠠᠨ ᠦᠨᠳᠦᠰᠦᠯᠡᠨ᠂ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠪᠠᠷ ᠦᠯᠢᠭᠡᠷ ᠶᠠᠷᠢᠨ ᠮᠥᠷᠥᠶᠢᠴᠡᠵᠦ᠂ ᠠᠮᠵᠢᠯᠲᠠ ᠪᠦᠲᠦᠮᠵᠢ ᠰᠢᠨ᠎ᠡ ᠬᠤᠪᠢᠷᠠᠯᠲᠠ ᠪᠠᠨ ᠬᠠᠷᠠᠭᠤᠯᠪᠠ᠃        ᠣᠶᠢᠯᠠᠭᠠᠭᠰᠠᠨ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠠᠵᠢᠯ ᠬᠢᠬᠦ ᠳᠤᠷ᠎ᠠ ᠦᠭᠡᠢ᠂ ᠬᠢᠵᠦ ᠴᠢᠳᠠᠬᠤ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠵᠢᠴᠢ ︽ᠢᠯᠡᠭᠦᠦ ᠳᠤᠲᠠᠭᠤ ᠠᠵᠢᠯᠯᠠᠬᠤ ᠨᠢᠭᠡ ᠯᠡ ᠠᠳᠠᠯᠢ᠂ ᠰᠠᠶᠢᠨ ᠮᠠᠭᠤ ᠠᠵᠢᠯᠯᠠᠬᠤ ᠨᠢᠭᠡ ᠯᠡ ᠠᠳᠠᠯᠢ︾ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠤᠨ 6 ᠰᠠᠷ᠎ᠠ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠪᠦᠭᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠤ ᠠᠵᠢᠯ ᠢ ᠥᠷᠨᠢᠭᠦᠯᠵᠦ᠂ 12 ᠠᠶᠢᠮᠠᠭ ᠬᠤᠲᠠ ᠶᠢ ᠵᠣᠬᠢᠶᠠᠨ ᠪᠠᠶᠢᠭᠤᠯᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠵᠡᠭᠦᠨ ᠪᠠᠷᠠᠭᠤᠨ ᠣᠷᠣᠨ ᠤ ᠬᠢᠨ ᠲᠤᠬᠠᠢ ᠶᠢᠨ ᠭᠠᠵᠠᠷ ᠲᠤᠨᠢ ᠬᠦᠷᠴᠦ ᠬᠠᠷᠢᠯᠴᠠᠨ ᠰᠤᠷᠤᠯᠴᠠᠵᠠᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠣᠨ ᠰᠤᠮᠤ ᠰᠢᠶᠠᠩ ᠪᠠᠯᠭᠠᠰᠤ ᠨᠢ ᠱᠠᠲᠤ ᠬᠤᠪᠢᠶᠠᠨ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠪᠤᠶᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠵᠣᠬᠢᠶᠠᠨ ᠪᠠᠶᠢᠭᠤᠯᠤᠨ ᠳᠠᠪᠴᠠᠩᠳᠦ ᠤᠷᠤᠯᠳᠤᠭᠠᠨ ᠢ ᠶᠠᠪᠤᠭᠳᠠᠭᠤᠯᠪᠠ᠃ ᠣᠳᠣᠬᠠᠨ ᠪᠤᠯᠲᠠᠯ᠎ᠠ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠨᠲᠡ 851 ᠲᠠᠯᠠᠪᠤᠷ ᠳᠠᠪᠴᠠᠩᠳᠦ ᠤᠷᠤᠯᠳᠤᠭᠠᠨ ᠢ ᠥᠷᠨᠢᠭᠦᠯᠵᠦ᠂ 8374 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠤᠷᠤᠯᠳᠤᠭᠠᠨ ᠳᠤ ᠣᠷᠣᠯᠴᠠᠪᠠ᠃      ᠲᠤᠰ ᠤᠳᠠᠭ᠎ᠠ ᠶᠢᠨ ᠲᠠᠪᠴᠠᠩᠳᠦ ᠤᠷᠤᠯᠳᠤᠭᠠᠨ ᠨᠢ ᠪᠦᠭᠦ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ︽ᠡᠷᠳᠡᠮ ᠴᠢᠳᠠᠪᠤᠷᠢ ᠶᠢᠨ ᠮᠥᠷᠥᠶᠢᠴᠡᠭᠡᠨ︾ ᠤ ᠰᠢᠢᠳᠪᠦᠷᠢᠲᠦ ᠤᠷᠤᠯᠳᠤᠭᠠᠨ ᠪᠤᠯᠬᠤ  ᠪᠠᠷ ᠪᠠᠷᠠᠬᠤ ᠦᠭᠡᠢ᠂ ᠪᠠᠰᠠ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠪᠣᠯᠣᠨ᠎ᠠ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠨ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ ᠳᠤ 1 ᠬᠥᠮᠥᠨ᠂ ᠬᠤᠶᠠᠳᠤᠭᠠᠷ ᠳᠡᠰ ᠤᠨ ᠱᠠᠩᠨᠠᠯ ᠳᠤ 2 ᠬᠥᠮᠥᠨ᠂ ᠭᠤᠷᠪᠠᠳᠤᠭᠠᠷ ᠳᠡᠰ ᠤᠨ ᠱᠠᠩᠨᠠᠯ ᠳᠤ 3 ᠬᠥᠮᠥᠨ᠂ ᠰᠢᠯᠢᠳᠡᠭ ᠱᠠᠩᠨᠠᠯ ᠳᠤ 9 ᠬᠥᠮᠥᠨ ᠢ ᠰᠢᠯᠭᠠᠷᠠᠭᠤᠯᠵᠤ᠂ ᠠᠳᠠᠯᠢᠳᠬᠠᠬᠤ ᠰᠤᠷᠬᠤ ᠭᠦᠢᠴᠡᠬᠦ ᠳᠠᠪᠠᠭ᠋ᠤ ᠰᠢᠨ᠎ᠡ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠰᠢᠨ᠎ᠡ ᠶᠢ ᠡᠭᠦᠳᠴᠦ ᠲᠡᠷᠢᠭᠦᠨ ᠤ ᠬᠢ ᠶᠢ ᠡᠭᠦᠳᠬᠦ ᠰᠢᠨ᠎ᠡ ᠬᠡᠪ ᠳᠠᠭᠤᠷᠢᠶᠠᠯ ᠢ ᠪᠤᠢ ᠪᠣᠯᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号