ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠬᠤ ᠡᠮ ᠲᠠᠩ ᠨᠡᠮᠡᠭᠳᠡᠯ᠎ᠡ
ᠨᠡᠶᠢᠲᠡᠯᠡᠭᠰᠡᠨ ᠴᠠᠭ᠄
2023/12/19
     ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠣᠶᠢᠷ᠎ᠠ ᠳᠤ 2023 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠭᠰᠠᠨ ᠡᠮ ᠲᠠᠩ ᠤᠨ ᠭᠠᠷᠴᠠᠭ ᠲᠤ ᠲᠣᠬᠢᠷᠠᠭᠤᠯᠤᠯᠲᠠ ᠬᠢᠭᠰᠡᠨ ᠳ᠋ᠦᠩ ᠢ ᠨᠡᠶᠢᠲᠡᠯᠡᠭᠰᠡᠨ ᠪᠠᠶᠢᠨ᠎ᠠ᠃ ᠡᠨᠡ ᠤᠳᠠᠭ᠎ᠠ ᠨᠡᠶᠢᠲᠡ 126 ᠵᠦᠢᠯ ᠤᠨ ᠡᠮ ᠲᠡᠩ ᠢ ᠳᠠᠭᠠᠳᠬᠠᠯ ᠤᠨ ᠡᠮ ᠲᠠᠩ ᠤᠨ ᠭᠠᠷᠴᠠᠭ ᠲᠤ ᠨᠡᠮᠡᠨ ᠣᠷᠣᠭᠤᠯᠵᠠᠢ᠂ ᠡᠭᠦᠨ ᠤ ᠳᠣᠲᠣᠷ᠎ᠠ ᠬᠤᠣᠷᠲᠤ ᠬᠠᠪᠤᠳᠠᠷ ᠲᠤ ᠬᠡᠷᠡᠭᠯᠡᠬᠦ 21 ᠵᠦᠢᠯ ᠤᠨ ᠡᠮ ᠲᠠᠩ᠂ ᠰᠢᠨ᠎ᠡ ᠺᠣᠷᠣᠨᠠ ᠸᠢᠷᠦ᠋ᠰ ᠢ ᠳᠠᠷᠤᠬᠤ᠂ ᠦᠷᠪᠢᠰᠦᠯ ᠢ ᠵᠠᠰᠠᠬᠤ ᠳᠤ ᠬᠡᠷᠡᠭᠯᠡᠬᠦ 17 ᠵᠦᠢᠯ ᠤᠨ ᠡᠮ ᠲᠠᠩ᠂ ᠰᠢᠬᠢᠷ ᠰᠢᠵᠢᠩ ᠡᠪᠡᠳᠴᠢᠨ᠂ ᠣᠶᠣᠨ ᠮᠡᠳᠡᠷᠡᠯ ᠤᠨ ᠡᠪᠡᠳᠴᠢᠨ᠂ ᠬᠡᠷᠡᠬᠦ ᠡᠪᠡᠳᠴᠢᠨ ᠡᠬᠡᠯᠢᠯᠡᠭᠡ ᠶᠢᠨ ᠰᠢᠰᠲ᠋ᠧᠮ  ᠤᠨ ᠡᠪᠡᠳᠴᠢᠨ ᠵᠡᠷᠭᠡ ᠤᠳᠠᠭᠠᠨ ᠴᠢᠨᠠᠷ ᠲᠠᠢ ᠡᠪᠡᠳᠴᠢᠨ ᠳᠤ ᠬᠡᠷᠡᠭᠯᠡᠬᠦ 15 ᠵᠦᠢᠯ ᠤᠨ ᠡᠮ ᠲᠠᠩ᠂ ᠬᠤᠪᠣᠷ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ 15 ᠵᠦᠢᠯ ᠤᠨ ᠡᠮ ᠲᠠᠩ᠂ ᠪᠤᠰᠤᠳ ᠴᠠᠷ ᠬᠦᠷᠢᠶᠡᠨ ᠳᠤ ᠬᠡᠷᠡᠭᠯᠡᠬᠦ 59 ᠵᠦᠢᠯ ᠤᠨ ᠡᠮ ᠲᠠᠩ ᠪᠠᠶᠢᠵᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠡᠮ ᠲᠠᠩ ᠤᠨ ᠶᠡᠷᠦᠩᠬᠡᠢ ᠲᠤᠭ᠎ᠠ  ᠨᠢ 3088 ᠵᠦᠢᠯ ᠳᠤ ᠬᠦᠷᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号