ᠬᠤᠷᠢᠨᠭᠡᠷ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/26
     ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ᠂ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠠᠬᠢ ᠣᠷᠣᠯᠠᠭᠤᠯᠵᠤ ᠪᠣᠯᠤᠰᠢ ᠥᠬᠡᠶ ᠦᠢᠯᠡᠳᠦᠯ ᠢ ᠭᠦᠢᠴᠡᠳ ᠪᠠᠳᠠᠷᠠᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠵᠤ ᠪᠠᠶᠢᠴᠠᠭᠠᠬᠤ ᠲᠥᠰᠦᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠬᠤᠷᠢᠨᠭᠡᠷ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠲᠠᠢ ᠬᠠᠮᠲᠤᠷᠠᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠪᠡ᠃      ᠲᠤᠰ ᠤᠳᠠᠭᠠᠨ ᠤ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠴᠢᠭᠯᠡᠯᠲᠦ ᠬᠡᠮᠵᠢᠭᠳᠡᠬᠦᠨ ᠤ ᠵᠠᠭᠠᠭ ᠤᠨ ᠲᠤᠭ᠎ᠠ ᠪᠠᠷᠢᠮᠲᠠ᠂ ᠥᠪᠥᠷ ᠮᠣᠩᠭᠤᠯ ᠤᠨ ᠣᠶ ᠰᠢᠭᠤᠶ ᠡᠪᠡᠰᠦ ᠪᠡᠯᠴᠢᠭᠡᠷ ᠤᠨ ᠲᠤᠭ᠎ᠠ ᠪᠠᠷᠢᠮᠲᠠ ᠬᠢᠭᠡᠳ ᠤᠯᠤᠰ ᠤᠨ ᠨᠤᠲᠤᠭ ᠳᠡᠪᠢᠰᠬᠡᠷ ᠤᠨ ︽ᠭᠤᠷᠪᠠ ᠶᠢ ᠲᠣᠬᠢᠷᠠᠭᠤᠯᠬᠤ︾ ᠶᠢᠨ ᠲᠤᠭ᠎ᠠ ᠪᠠᠷᠢᠮᠲᠠ ᠶᠢ ᠵᠣᠯᠭᠠᠭᠤᠯᠤᠨ ᠨᠡᠶᠢᠯᠡᠭᠦᠯᠬᠦ ᠪᠠᠷ ᠰᠠᠭᠤᠷᠢ ᠪᠣᠯᠭᠠᠵᠤ᠂ ᠪᠠᠭ᠎ᠠ ᠠᠩᠭᠢ ᠳᠠᠷᠠᠭᠠᠯᠠᠨ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠷᠢᠶᠠᠲᠤ ᠴᠢᠨᠠᠷ ᠤᠨ ᠬᠦᠴᠦᠨ ᠵᠦᠢᠯ ᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠡᠵᠡᠩᠨᠡᠯᠲᠡ ᠶᠢᠨ ᠬᠡᠪᠴᠢᠶ᠎ᠡ᠂ ᠣᠶ ᠰᠢᠭᠤᠶ ᠶᠢᠨ ᠡᠬᠢ ᠪᠠᠶᠠᠯᠢᠭ᠂ ᠬᠠᠮᠢᠶᠠᠷᠤᠯᠲᠠ ᠶᠢᠨ ᠬᠠᠷᠢᠶᠠᠲᠤ ᠴᠢᠨᠠᠷ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠂ ᠪᠦᠷᠢᠳᠬᠡᠯ ᠤᠨ ᠬᠦᠰᠦᠨᠦᠭᠲᠦ ᠶᠢᠨ ᠬᠡᠯᠪᠡᠷᠢ ᠪᠠᠷ ᠮᠠᠨ ᠤ ᠰᠢᠶᠠᠨ ᠤ ᠤᠯᠤᠰ ᠤᠨ ᠡᠵᠡᠩᠨᠡᠯᠲᠡ ᠶᠢᠨ ᠪᠠᠶ ᠡᠯ ᠶᠧ ᠡᠯᠡᠰᠦᠨ ᠬᠠᠰᠢᠯᠭ᠎ᠠ ᠣᠶ ᠰᠢᠭᠤᠶ ᠶᠢᠨ ᠲᠠᠯᠠᠪᠠᠶ ᠪᠠ ᠤᠯᠤᠰ ᠤᠨ ᠡᠵᠡᠩᠨᠡᠯᠲᠡ ᠶᠢᠨ ᠨᠠᠨ ᠲᠢᠶᠠᠨ ᠮᠧᠨ ᠣᠶ ᠰᠢᠭᠤᠶ ᠶᠢᠨ ᠲᠠᠯᠠᠪᠠᠶ ᠶᠢᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃      ᠲᠣᠰ ᠤᠳᠠᠭᠠᠨ ᠤ ᠥᠷᠨᠢᠭᠦᠯᠦᠭᠰᠡᠨ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢᠶᠠᠷ ᠳᠡᠮᠵᠢᠨ᠂ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠭᠠᠵᠠᠷ ᠰᠢᠷᠣᠶ᠂ ᠡᠬᠢ ᠪᠠᠶᠠᠯᠢᠭ ᠪᠠ ᠬᠥᠮᠦᠨ ᠤ ᠬᠦᠴᠦᠨ ᠵᠡᠷᠭᠡ ᠶᠢᠨ ᠲᠤᠭ᠎ᠠ ᠪᠠᠷᠢᠮᠲᠠ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠰᠢᠨ᠂ ᠬᠤᠶᠢᠰᠢᠳᠠ ᠶᠢᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠪᠠ ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ︾ ᠳᠠᠶᠢᠯᠠᠯᠳᠤᠭᠠᠨ ᠳᠤ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号