ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/26
         12 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠲᠣᠭᠤᠷᠢᠨ ᠬᠢᠨᠠᠨ ᠵᠢᠯᠣᠭᠤᠳᠬᠤ ᠳᠤᠭᠤᠶᠢᠯᠠᠩ ᠤᠨ ᠬᠥᠬᠡᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠤᠯ ᠰᠡᠳᠦᠪᠲᠦ ᠬᠥᠮᠦᠵᠢᠯ ᠢ ᠠᠬᠢᠭᠤᠯᠵᠤ ᠣᠷᠣᠨ ᠤ ᠲᠥᠪ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠭᠤᠶᠢᠯᠠᠩ ᠤᠨ ᠳᠠᠷᠤᠭ᠎ᠠ ᠵᠢᠶᠠᠩ ᠬᠤᠸᠠ ᠮᠠᠨ ᠤ ᠰᠢᠶᠠᠨ ᠤ ᠬᠠᠷᠢᠭᠤ ᠲᠤᠰᠬᠠᠭᠰᠠᠨ ᠰᠠᠨᠠᠯ᠂ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠤᠷᠤᠯᠴᠠᠯᠭ᠎ᠠ ᠶᠢᠨ ᠳᠤᠯᠠᠭᠠᠴᠠ ᠶᠢ ᠪᠠᠲᠤᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ︾ ᠶᠢ ᠲᠡᠷᠢᠭᠦᠨ ᠴᠢᠬᠤᠯᠠ ᠡᠭᠦᠷᠭᠡ ᠪᠣᠯᠭᠠᠨ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠢᠰᠲ᠋ᠧᠮ ᠲᠠᠢ ᠪᠦᠬᠦ ᠲᠠᠯ᠎ᠠ ᠪᠠᠷ ᠴᠠᠭ ᠲᠤᠬᠠᠢ ᠳᠤᠨᠢ ᠰᠤᠷᠤᠯᠴᠠᠵᠤ᠂ ᠰᠤᠷᠤᠯᠴᠠᠨ ᠲᠤᠭᠤᠰᠢᠯᠠᠭᠤᠯᠬᠤ ᠶᠢ ᠡᠷᠡᠰ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠡᠷᠬᠡᠪᠰᠢ ︽ᠮᠡᠷᠭᠡᠨ ᠬᠥᠮᠦᠨ︾ ︽ᠳᠠᠭᠠᠭᠤᠯᠤᠭᠴᠢ︾ ᠪᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠰᠡᠳᠦᠪ ᠤᠨ ᠰᠣᠯᠢᠯᠴᠠᠭᠠᠨ ᠤ ᠮᠠᠲ᠋ᠧᠷᠢᠶᠠᠯ ᠢ ᠨᠠᠷᠢᠨ ᠬᠢᠨᠠᠮᠠᠭᠠᠢ ᠪᠡᠯᠡᠳᠬᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢ ᠰᠠᠶᠢᠲᠤᠷ ᠬᠢᠵᠦ᠂ ᠦᠨᠳᠦᠰᠦ ᠰᠤᠷᠪᠤᠯᠵᠢ ᠶᠢ ᠨᠢ ᠭᠦᠨᠵᠡᠭᠡᠢ ᠵᠠᠳᠠᠯᠤᠭᠰᠠᠨ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠶᠢᠨ ᠬᠠᠨᠳᠤᠯᠭᠠᠲᠤ ᠴᠢᠨᠠᠷ ᠢᠶᠠᠷ ᠴᠢᠩᠭ᠎ᠠ ᠮᠡᠳᠡᠭᠦᠯᠦᠯᠲᠡ ᠶᠢ ᠪᠦᠷᠢᠯᠳᠦᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠩᠭᠠᠳᠬᠠᠪᠠ᠃      ᠬᠤᠷᠠᠯ ᠠᠴᠠ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠳᠤᠮᠳᠠ ᠬᠠᠶᠢᠨ ᠰᠦᠪᠡᠭᠴᠢᠯᠡᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠳ᠋ᠦᠩᠨᠡᠨ ᠳᠡᠯᠭᠡᠷᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠡᠯ᠎ᠡ ᠵᠦᠢᠯ ᠤᠨ ᠠᠵᠢᠯ ᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ︽ᠬᠤᠶᠠᠷ ᠲᠠᠯ᠎ᠠ ᠶᠢ ᠠᠳᠬᠤᠬᠤ︾᠂ ︽ᠬᠤᠶᠠᠷ ᠢ ᠠᠬᠢᠭᠤᠯᠬᠤ︾ ᠶᠢ ᠪᠠᠷᠢᠮᠲᠠᠯᠠᠨ᠂ ︽ᠬᠤᠶᠠᠷ ᠲᠠᠯ᠎ᠠ ᠪᠠᠷ ᠰᠢᠢᠳᠪᠦᠷᠢᠯᠡᠬᠦ︾ ᠶᠢ ᠡᠷᠡᠰ ᠰᠡᠷᠭᠡᠶᠢᠯᠡᠵᠦ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠠᠷᠠᠳ ᠤᠯᠠᠨ ᠤ ᠨᠢᠳᠦᠨ ᠳᠤ ᠦᠵᠡᠭᠳᠡᠬᠦ᠂ ᠰᠡᠷᠡᠵᠦ ᠮᠡᠳᠡᠬᠦ᠂ ᠪᠣᠳᠠᠲᠤ ᠠᠰᠢᠭ ᠬᠦᠷᠳᠡᠬᠦ‍ ᠨᠢᠭᠡ ᠪᠦᠯᠦᠭ ᠦᠷ᠎ᠡ ᠪᠦᠲᠦᠭᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠡᠯ᠎ᠡ ᠳᠡᠳ᠋ ᠡᠷᠬᠢᠯᠡᠭᠴᠢ᠂ ᠡᠯ᠎ᠡ ᠠᠵᠢᠯᠯᠠᠬᠤ ᠳᠤᠭᠤᠶᠢᠯᠠᠩ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号