ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ 1700 ᠳ᠋ᠦᠩᠰᠢᠭᠤᠷ ᠲᠥᠭᠦᠷᠢᠭ ᠢ ᠳᠠᠪᠠᠵᠤ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ
ᠨᠡᠶᠢᠲᠡᠯᠡᠭᠰᠡᠨ ᠴᠠᠭ᠄
2023/12/26
     ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 11 ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠠᠷᠠᠳ ᠤᠨ ᠵᠣᠭᠤᠰ ᠢᠶᠠᠷ 1721.5 ᠳ᠋ᠦᠩᠰᠢᠭᠤᠷ ᠲᠥᠭᠦᠷᠢᠭ ᠲᠤ ᠬᠦᠷᠴᠦ ᠲᠡᠦᠬᠡᠨ ᠰᠢᠨ᠎ᠡ ᠲᠡᠮᠳᠡᠭᠯᠡᠯ ᠢ ᠡᠭᠦᠳᠦᠭᠡᠳ ᠨᠢᠳᠤᠨᠤᠨ ᠤ ᠠᠳᠠᠯᠢ ᠬᠤᠭᠤᠴᠠᠭᠠᠨ ︵ᠳᠣᠷᠣᠭᠰᠢ ᠠᠳᠠᠯᠢ︶ ᠤ ᠬᠢ ᠠᠴᠠ 29.7% ᠪᠠᠷ ᠨᠡᠮᠡᠭᠳᠡᠵᠡᠢ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠬᠡᠮᠵᠢᠶ᠎ᠡ 678.4 ᠳ᠋ᠦᠩᠰᠢᠭᠤᠷ ᠲᠥᠭᠦᠷᠢᠭ ᠲᠤ ᠬᠦᠷᠴᠦ 24% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 1043.1 ᠳ᠋ᠦᠩᠰᠢᠭᠤᠷ ᠲᠥᠭᠦᠷᠢᠭ ᠲᠤ ᠬᠦᠷᠴᠦ 33.7% ᠪᠠᠷ ᠨᠡᠮᠡᠭᠳᠡᠪᠡ᠃      11 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ 192.4 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 42.6%᠂ ᠥᠨᠥ ᠵᠢᠯ ᠤᠨ 10 ᠳ᠋ᠤᠭᠠᠷ ᠰᠠᠷ᠎ᠠ ᠶᠢᠨ ᠠᠴᠠ 26.7% ᠨᠡᠮᠡᠭᠳᠡᠵᠦ᠂ ᠬᠡᠪᠴᠢᠶ᠎ᠡ ᠨᠢ ᠡᠨᠡ ᠵᠢᠯ ᠤᠨ ᠰᠠᠷ᠎ᠠ ᠶᠢᠨ ᠰᠢᠨ᠎ᠡ ᠲᠡᠮᠳᠡᠭᠯᠡᠯ ᠢ ᠡᠭᠦᠳᠪᠡ᠃ ᠡᠭᠦᠨ ᠠᠴᠠ ᠭᠠᠳᠠᠨ᠎ᠠ᠂ ᠲᠦᠷᠦᠭᠦᠤ 11 ᠰᠠᠷ᠎ᠠ ᠳᠤ ︽ᠪᠦᠰᠡ ᠪᠠ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ 1336.5 ᠳ᠋ᠦᠩᠰᠢᠭᠤᠷ ᠲᠥᠭᠦᠷᠢᠭ ᠲᠤ ᠬᠦᠷᠴᠦ᠂ 39.9% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 77.6% ᠶᠢ ᠡᠵᠡᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠬᠥᠬᠡᠬᠤᠲᠠ ᠪᠣᠭᠤᠮᠲᠠ ᠡᠨᠡ ᠵᠢᠯ ᠪᠣᠭᠤᠮᠲᠠ ᠪᠠᠷ ᠥᠩᠭᠡᠷᠡᠭᠦᠯᠬᠦ ᠠᠵᠢᠯ ᠤᠨ ᠵᠠᠷᠢᠮ ᠵᠦᠢᠯᠡᠰ ᠢ ᠶᠡᠭᠡ ᠪᠠᠷ ᠪᠠᠭᠠᠰᠬᠠᠨ᠂ ︽ᠤᠷᠢᠳᠴᠢᠯᠠᠵᠤ ᠭᠤᠶᠤᠴᠢᠯᠠᠨ ᠮᠡᠳᠡᠭᠦᠯᠬᠦ︾ ᠵᠢᠴᠢ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠭᠦᠯᠬᠦ ᠠᠵᠢᠯ ᠤᠨ ᠪᠥᠬᠦ ᠶᠠᠪᠤᠴᠠ ᠳᠠᠬᠢ ᠴᠠᠭᠠᠰᠤ ᠦᠯᠦ ᠬᠡᠷᠡᠭᠯᠡᠬᠦ ᠨᠣᠷᠮ᠎ᠠ 99% ᠶᠢ ᠳᠠᠪᠠᠵᠠᠢ᠃ ︽ᠵᠠᠭᠤᠨ ᠬᠥᠮᠥᠨ ᠮᠢᠩᠭᠠᠨ ᠠᠵᠤ ᠠᠬᠤᠶᠢᠯᠠᠯ ᠲᠠᠢ ᠬᠤᠯᠪᠣᠭᠠᠯᠠᠵᠤ ᠪᠦᠬᠦ ᠬᠦᠴᠦᠨ ᠢᠶᠠᠷ ᠢᠶᠠᠨ ᠭᠠᠳᠠᠭᠠᠳᠤ ᠠᠷᠠᠯᠵᠢᠶ᠎ᠠ ᠶᠢ ᠠᠬᠢᠭᠤᠯᠤᠶ᠎ᠠ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠪᠣᠭᠤᠮᠲᠠ ᠶᠢᠨ ᠳᠠᠷᠤᠭ᠎ᠠ ᠲᠦᠷᠦ ᠶᠢᠨ ᠪᠣᠳᠣᠯᠭ᠎ᠠ ᠶᠢ ᠭᠡᠷ ᠲᠤ ᠨᠢ ᠬᠦᠷᠭᠡᠬᠦ︾ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠳ ᠲᠤ ᠭᠦᠨᠵᠡᠭᠡᠶᠢᠷᠡᠨ ᠬᠡᠷᠡᠭᠴᠡᠭᠡ ᠶᠢ ᠨᠢ ᠠᠰᠠᠭᠤᠵᠤ ᠬᠦᠴᠢᠷᠳᠡᠯ ᠢ ᠨᠢ ᠰᠢᠢᠳᠪᠦᠷᠢᠯᠡᠨ᠂ 210 ᠠᠵᠤ ᠠᠬᠤᠶᠢᠯᠠᠯ ᠳᠤ ᠪᠡᠶᠡᠴᠢᠯᠡᠨ ᠦᠢᠯᠡᠴᠢᠯᠡᠪᠡ᠃      ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠵᠠᠳᠠᠯᠤᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠵᠠᠳᠠᠯᠤᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠣᠷᠣᠨ ᠪᠠᠶᠢᠷᠢ ᠶᠢᠨ ᠳᠠᠪᠠᠭᠤᠯᠢᠭ ᠪᠠ ᠨᠡᠭᠡᠭᠡᠯᠲᠡ ᠶᠢᠨ ᠳᠠᠪᠠᠭᠤᠯᠢᠭ ᠲᠤ ᠪᠠᠨ ᠰᠠᠭᠤᠷᠢᠯᠠᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠲᠣᠭᠲᠠᠭᠤᠨ ᠢ ᠠᠬᠢᠭᠤᠯᠤᠨ ᠴᠢᠨᠠᠷ ᠢ ᠳᠡᠭᠡᠭᠰᠢᠯᠡᠭᠦᠯᠬᠦ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠤᠭᠠᠳ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠲᠠᠯ᠎ᠠ ᠪᠠᠷ ᠨᠡᠯᠢᠶᠡᠳ ᠴᠢᠩᠭ᠎ᠠ ᠤᠶᠠᠨ ᠬᠠᠲᠠᠨ ᠴᠢᠨᠠᠷ ᠢ ᠪᠠᠲᠤᠯᠠᠭᠰᠠᠨ ᠪᠠᠶᠢᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠳ ᠤᠯᠠᠨ ᠤᠯᠤᠰ ᠤᠨ ᠬᠡᠷᠡᠭᠴᠡᠭᠡᠨ ᠤ ᠬᠤᠪᠢᠷᠠᠯᠲᠠ ᠶᠢ ᠢᠳᠡᠪᠬᠢᠲᠡᠢ ᠪᠠᠷ ᠠᠷᠭᠠᠴᠠᠭᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠠᠳᠬᠤᠨ᠂ ᠪᠦᠲᠦᠴᠡ ᠪᠠᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠥᠷᠭᠡᠳᠬᠡᠨ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠲᠠᠰᠤᠷᠠᠯᠳᠠ ᠦᠭᠡᠢ ᠨᠡᠭᠡᠭᠡᠭᠰᠡᠭᠡᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号